9 ᠳ᠋ᠦ᠋ᠭᠡᠷ ᠰᠠᠷ᠎ᠠ ᠶᠢᠨ 25 ᠤ ᠡᠳᠦᠷ᠂ ︽2023 ᠥᠪᠥᠷ ᠮᠣᠩᠭᠤᠯ ᠤᠨ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠤᠨ 100 ᠬᠦᠴᠦᠷᠬᠡᠭ ᠢ ᠨᠡᠶᠢᠲᠡᠯᠡᠬᠦ ᠬᠤᠷᠠᠯ ᠵᠢᠴᠢ ᠥᠪᠥᠷ ᠮᠣᠩᠭᠤᠯ ᠤᠨ ᠵᠠᠭᠤᠨ ᠬᠦᠴᠦᠷᠬᠡᠭ ᠤᠨ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠪᠤᠭᠤᠲᠤ ᠳᠤ ᠣᠴᠢᠬᠤ ᠠᠵᠢᠯᠯᠠᠭ᠎ᠠ︾ ᠪᠤᠭᠤᠲᠤ ᠬᠤᠲᠠ ᠳᠤ | ᠶᠠᠪᠤᠭᠳᠠᠪᠠ᠃ ᠬᠤᠷᠠᠯ ᠳᠡᠭᠡᠷ᠎ᠡ ᠥᠪᠥᠷ ᠮᠣᠩᠭᠤᠯ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 100 | ᠬᠦᠴᠦᠷᠬᠡᠭ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠤᠯᠠᠭᠠᠨᠬᠠᠳᠠ ᠬᠤᠲᠠ ᠶᠢᠨ ᠤᠯᠠᠭᠠᠨᠬᠠᠳᠠ ᠶᠢᠨ ᠬᠤᠩ | ᠵᠢᠶ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠪᠠᠭᠲᠠᠭᠠᠭᠰᠠᠨ 6 ᠠᠵᠤ ᠠᠬᠤᠶᠢᠯᠠᠯ ᠨᠡᠷᠡᠰ ᠤᠨ | ᠵᠢᠭᠰᠠᠭᠠᠯᠲᠠ ᠳᠤ ᠤᠷᠤᠪᠠ᠃ | ᠬᠤᠷᠠᠯ ᠳᠡᠭᠡᠷ᠎ᠡ ᠪᠠᠰᠠ ︽2023 ᠥᠪᠥᠷ ᠮᠣᠩᠭᠤᠯ ᠤᠨ ᠦᠢᠯᠡᠳᠬᠦ ᠦᠢᠯᠡᠰ ᠤᠨ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠤᠨ 50 ᠬᠦᠴᠦᠷᠬᠡᠭ︾ ︽2023 ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 30 ᠬᠦᠴᠦᠷᠬᠡᠭ︾ ︽2023 ᠥᠪᠥᠷ | ᠮᠣᠩᠭᠤᠯ ᠤᠨ ᠦᠢᠯᠡᠴᠢᠯᠡᠭᠡᠨ ᠤ ᠦᠢᠯᠡᠰ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 20 ᠬᠦᠴᠦᠷᠬᠡᠭ︾ | ᠵᠡᠷᠭᠡ ᠨᠡᠷᠡᠰ ᠤᠨ ᠵᠢᠭᠰᠠᠭᠠᠯᠲᠠ ᠪᠠ ᠪᠠᠶᠢᠴᠠᠭᠠᠨ ᠰᠤᠳᠤᠯᠵᠤ ᠵᠠᠳᠠᠯᠤᠯᠲᠠ ᠬᠢᠭᠰᠡᠨ ᠮᠡᠳᠡᠭᠦᠯᠦᠯᠲᠡ ᠶᠢ ᠨᠡᠶᠢᠲᠡᠯᠡᠪᠡ᠃ | ᠡᠭᠦᠨ ᠳᠤ᠂ ᠤᠯᠠᠭᠠᠨᠬᠠᠳᠠ ᠬᠤᠲᠠ ᠶᠢᠨ 5 ᠠᠷᠠᠳ ᠤᠨ ᠡᠵᠡᠩᠨᠡᠭᠰᠡᠨ ᠠᠵᠤ ᠠᠬᠤᠶᠢᠯᠠᠯ ᠨᠡᠷᠡᠰ ᠤᠨ | ᠵᠢᠭᠰᠠᠭᠠᠯᠲᠠ ᠳᠤ ᠤᠷᠤᠪᠠ᠃ |