ᠵᠦᠩ ᠴᠢᠩ ᠰᠦᠩ ᠪᠠᠶᠠᠷ ᠤᠨ ᠡᠳᠦᠷ ᠠᠴᠠ ᠡᠮᠦᠨᠡᠬᠢ ᠪᠦᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠠᠮᠤᠷ ᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/28
     9 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠪᠥᠬᠦ ᠲᠣᠭᠤᠷᠢᠭ ᠤᠨ ᠠᠶᠤᠯᠭᠦᠶ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠠᠮᠤᠷ ᠢ ᠬᠠᠮᠠᠭᠠᠯᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠶᠠᠩ ᠸᠧᠨ ᠳ᠋ᠦᠩ᠂ ᠢᠦᠢ ᠬᠤᠸᠠ ᠶᠠᠨ᠂ ᠭᠦᠸᠧ ᠮᠢᠩ ᠷᠦᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠵᠦᠩ ᠴᠢᠩ ᠰᠦᠩ ᠨᠡᠷ ᠤᠷᠢᠳ ᠬᠤᠵᠢᠳ ᠵᠦᠩ ᠯᠢᠶᠠᠨ ᠠᠭᠤᠳᠠᠮ ᠲᠠᠯᠠᠪᠠᠢ᠂ ᠸᠤᠷᠮ᠎ᠠ ᠬᠡᠳᠦ ᠳᠡᠯᠭᠡᠭᠦᠷ᠂ ᠶᠢᠨ ᠳ᠋ᠢ ᠪᠠᠭᠤᠳᠠᠯ᠂ ᠤᠯᠠᠭᠠᠨᠬᠠᠳᠠ ᠶᠢᠨ ᠰᠢᠨ᠎ᠡ ᠬᠤᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ᠂ ᠢᠦᠢ ᠷᠦᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠤᠯᠠ ᠵᠠᠮ ᠤᠨ ᠮᠠᠰᠢᠨ ᠲᠡᠷᠭᠡᠨ ᠤ ᠦᠷᠳᠡᠭᠡ᠂ ᠰᠢᠶᠠᠩ ᠶᠠᠩ ᠲᠣᠮᠢᠯᠠᠭᠰᠠᠨ ᠰᠠᠯᠪᠤᠷᠢ ᠵᠡᠷᠭᠡ ᠭᠠᠵᠠᠷ ᠲᠤ ᠬᠦᠷᠦᠪᠡ᠃ ᠡᠯ᠎ᠡ ᠭᠠᠵᠠᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠭᠤᠤᠯᠳᠠᠯᠭ᠎ᠠ ᠲᠠᠢ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠳᠣᠭᠢᠷᠠᠭᠤᠯᠬᠤ︾ ᠲᠣᠭᠲᠠᠴᠠ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ᠂ ᠪᠠᠶᠢᠩᠭᠤᠵᠢᠭᠤᠯᠤᠭᠰᠠᠨ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠤᠬᠠᠭᠤᠯᠬᠤ ᠪᠠ ᠪᠣᠯᠪᠠᠰᠤᠷᠠᠭᠤᠯᠬᠤ ᠵᠡᠷᠭᠡ ᠲᠠᠯ᠎ᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠤᠶᠢᠯᠠᠭᠠᠪᠠ᠃    ᠵᠦᠩ ᠴᠢᠩ ᠰᠦᠩ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠪᠠᠶᠠᠷ ᠤᠨ ᠡᠳᠦᠷ ᠤᠨ ᠬᠤᠭᠤᠴᠠᠭᠠᠨ ᠳᠤ ᠠᠮᠤᠷ ᠲᠦᠪᠰᠢᠨ ᠤ ᠠᠵᠢᠯ ᠢ ᠣᠨᠴᠠᠭᠠᠶᠢᠯᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠬᠤᠳᠠᠯᠳᠤᠭᠠᠨ ᠤ ᠬᠡᠲᠦ ᠳᠡᠯᠭᠡᠭᠦᠷ ᠤᠨ ᠵᠠᠬ᠎ᠠ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠳ᠋ ᠪᠣᠳᠠᠰ ᠡᠯᠪᠡᠭ ᠳᠡᠯᠪᠡᠭ᠂ ᠴᠢᠨᠠᠷ ᠰᠠᠶᠢᠲᠠᠶ᠂ ᠦᠨ᠎ᠡ ᠬᠠᠩᠰᠢ ᠲᠣᠭᠲᠠᠭᠤᠨ ᠪᠠᠶᠢᠬᠤ ᠶᠢ ᠬᠦᠴᠦᠲᠡᠶ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠮᠠᠲ᠋ᠧᠷᠢᠶᠠᠯ ᠤᠨ ᠡᠬᠢ ᠡᠭᠦᠰᠦᠯ ᠤᠨ ᠪᠣᠭᠤᠮᠲᠠ ᠶᠢ ᠰᠠᠶᠢᠲᠤᠷ ᠰᠠᠬᠢᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤ ᠰᠠᠬᠢᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢ ᠰᠢᠯᠢᠳᠡᠭᠵᠢᠭᠦᠯᠵᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠪᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠪᠠᠶᠢᠴᠠᠭᠠᠯᠲᠠ ᠶᠢ ᠰᠠᠶᠢᠲᠤᠷ ᠠᠳᠬᠤᠵᠤ᠂ ᠬᠥᠮᠦᠨ ᠤ ᠭᠦᠢᠯᠭᠡᠭᠡ᠂ ᠡᠳ᠋ ᠪᠠᠷᠠᠭᠠᠨ ᠤ ᠭᠦᠢᠯᠭᠡᠭᠡ᠂ ᠮᠠᠰᠢᠨ ᠲᠡᠷᠭᠡᠨ ᠤ ᠭᠦᠢᠯᠭᠡᠭᠡᠨ ᠤ ᠡᠮᠬᠢ ᠳᠢᠭᠯᠢᠮ ᠢ ᠰᠠᠶᠢᠲᠤᠷ ᠵᠣᠬᠢᠶᠠᠨ ᠪᠠᠶᠢᠭᠤᠯᠵᠤ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ︽ᠬᠤᠶᠠᠷ ᠪᠠᠶᠠᠷ︾ ᠤᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠰᠢᠨᠲᠠᠷᠠᠰᠢ ᠥᠬᠡᠶ ᠰᠠᠶᠢᠲᠤᠷ ᠠᠳᠬᠤᠵᠤ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠪᠦᠬᠦ ᠲᠣᠭᠤᠷᠢᠭ ᠤᠨ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠢ ᠤᠯᠠᠮ ᠨᠢᠭᠡ ᠠᠯᠬᠤᠮ ᠴᠢᠩᠭᠠᠳᠬᠠᠨ᠂ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ ᠂ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠵᠦ᠂ ᠰᠤᠷᠤᠭᠴᠢᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠪᠥᠬᠦ ᠲᠣᠭᠤᠷᠢᠭ ᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ᠂ ᠠᠷᠠᠳ ᠲᠦᠮᠡᠨ ᠤ ᠠᠮᠢᠳᠤᠷᠠᠯ ᠤᠨ ᠠᠮᠤᠷ ᠲᠣᠭᠲᠠᠭᠤᠨ ᠥᠯᠵᠡᠶ ᠪᠡᠯᠭᠡ ᠲᠠᠢ ᠪᠠᠶᠢᠬᠤ ᠶᠢ ᠬᠠᠮᠠᠭᠠᠯᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号