ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2023/9/28
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ    ᠥᠪᠥᠷ ᠵᠠᠰᠠᠭ ᠠᠯᠪᠠᠨ ᠲᠠᠷᠬᠠᠭᠠᠭᠰᠠᠨ︹2022︺85 ᠳ᠋ᠤᠭᠠᠷ ᠲᠣᠭᠠᠲᠤ    ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄     ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹2019︺ 17 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠪᠡᠶᠡᠯᠡᠭᠳᠡᠯ ᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠡᠳᠦᠭᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ᠃     ᠨᠢᠭᠡ᠂ ᠶᠡᠷᠦᠩᠬᠡᠢ ᠱᠠᠭᠠᠷᠳᠠᠯᠭ᠎ᠠ     ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠵᠠᠰᠠᠭ ᠤᠨ ᠣᠷᠳᠣᠨ ᠠᠴᠠ ᠠᠬᠢᠭᠤᠯᠬᠤ᠂ ᠡᠷᠬᠡ ᠲᠡᠭᠰᠢ ᠪᠠᠷ ᠥᠷᠢᠰᠦᠯᠳᠦᠬᠦ᠂ ᠣᠯᠠᠨ ᠲᠠᠯ᠎ᠠ ᠶᠢᠨ ᠬᠢᠨ ᠬᠦᠷᠲᠡᠬᠦ︾ ᠵᠠᠷᠴᠢᠮ ᠶᠣᠰᠣᠭᠠᠷ᠂ ᠢᠳᠡᠭᠡᠨ ᠤ ᠠᠮᠤᠷ ᠲᠦᠪᠰᠢᠨ ᠳᠠᠬᠢ ᠬᠠᠷᠢᠶᠠᠲᠤ ᠣᠷᠣᠨ ᠤ ᠬᠠᠷᠢᠭᠤᠴᠠᠯᠭ᠎ᠠ ᠪᠠ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠳᠠᠭᠠᠳᠬᠠᠯ ᠤᠨ ᠲᠦᠭᠰᠢᠭᠦᠷᠢ ᠶᠢᠨ ᠬᠠᠮᠢᠶᠠᠷᠤᠯᠲᠠ ᠪᠠ ᠠᠵᠤ ᠠᠬᠤᠢ ᠶᠢᠨ ᠨᠥᠬᠦᠪᠦᠷᠢ ᠶᠢᠨ ᠴᠢᠳᠠᠮᠵᠢ ᠶᠢ ᠪᠠᠳᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠡᠷᠡᠳᠬᠦᠨ᠂ ᠦᠢᠯᠡᠴᠢᠯᠡᠭᠡ᠂ ᠬᠠᠮᠢᠶᠠᠷᠤᠯᠲᠠ ᠪᠠ ᠮᠡᠷᠭᠡᠵᠢᠯ ᠤᠨ ᠰᠢᠨᠡᠴᠢᠯᠡᠯᠲᠡ ᠶᠢᠨ ᠴᠢᠳᠠᠪᠤᠷᠢ ᠶᠢ ᠴᠢᠩᠭᠠᠳᠬᠠᠵᠤ᠂ ᠢᠳᠡᠭᠡᠨ ᠦᠢᠯᠡᠳᠪᠦᠷᠢᠯᠡᠭᠴᠢ ᠡᠵᠡᠩᠨᠡᠭᠴᠢᠳ ᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠳᠠᠭᠠᠳᠬᠠᠭᠤᠯᠬᠤ ᠪᠠᠷ ᠤᠷᠮᠠᠰᠢᠭᠤᠯᠤᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠯᠪᠡᠷᠢ ᠶᠢ ᠰᠢᠯᠢᠳᠡᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     ︵ᠬᠤᠶᠠᠷ︶ ᠠᠵᠢᠯ ᠤᠨ ᠬᠠᠷᠠᠯᠲᠠ᠃ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠲᠦᠭᠡᠮᠡᠯᠵᠢᠭᠦᠯᠬᠦ ᠵᠠᠭᠪᠤᠷ ᠢ ᠪᠠᠶᠢᠭᠤᠯᠤᠨ᠂ ︽ᠳᠠᠭᠠᠳᠬᠠᠯ ᠤᠨ ᠵᠠᠷᠤᠳᠠᠯ ᠪᠠᠭ᠎ᠠ᠂ ᠳᠠᠭᠠᠳᠬᠠᠯ ᠤᠨ ᠮᠥᠩᠭᠦ ᠶᠡᠭᠡ᠂ ᠪᠠᠲᠤᠯᠠᠬᠤ ᠬᠡᠪᠴᠢᠶ᠎ᠡ ᠥᠷᠭᠡᠨ︾ ᠢᠳᠡᠭᠡᠨ ᠤ ᠠᠮᠤᠷ ᠲᠦᠪᠰᠢᠨ ᠤ ᠬᠠᠮ ᠳᠠᠭᠠᠳᠬᠠᠯ ᠢ ᠰᠤᠳᠤᠯᠵᠤ ᠬᠥᠭᠵᠢᠭᠦᠯᠬᠦ ᠶᠢ ᠵᠣᠷᠢᠭᠵᠢᠭᠤᠯᠵᠤ᠂ ᠣᠯᠠᠨ ᠡᠰᠢᠲᠦ ᠨᠡᠷᠡᠳᠬᠦᠨ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠰᠥᠪᠯᠡᠵᠦ᠂ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ 2025 ᠣᠨ ᠪᠣᠯᠬᠤ ᠳᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠬᠦ᠋ᠢᠴᠡ ᠰᠢᠨ᠎ᠡ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠠᠶᠢᠭᠤᠯᠬᠤ ᠪᠠᠷ ᠴᠢᠷᠮᠠᠶᠢᠨ᠎ᠠ᠃     ᠬᠤᠶᠠᠷ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ     ︵ᠭᠤᠷᠪᠠ︶ ᠳᠠᠭᠠᠳᠬᠠᠯ ᠤᠨ ᠨᠡᠷᠡᠳᠬᠦᠨ ᠢ ᠰᠢᠯᠢᠳᠡᠭᠵᠢᠭᠦᠯᠦᠨ᠎ᠡ᠃ ᠳᠠᠭᠠᠳᠬᠠᠯ ᠤᠨ ᠪᠠᠶᠢᠭᠤᠯᠤᠮᠵᠢ ᠨᠢ ᠳᠠᠭᠠᠳᠬᠠᠯ ᠳᠤ ᠳᠠᠭᠠᠣᠡᠬᠠᠭᠤᠯᠬᠤ ᠠᠵᠤ ᠠᠬᠤᠶᠢᠯᠠᠯ ᠤᠨ ᠠᠵᠢᠯ ᠲᠥᠷᠥᠯ ᠤᠨ ᠲᠥᠷᠥᠯ ᠬᠡᠯᠪᠡᠷᠢ᠂ ᠦᠢᠯᠡᠳᠪᠦᠷᠢᠯᠡᠨ ᠡᠵᠡᠩᠨᠡᠬᠦ ᠬᠡᠪᠴᠢᠶ᠎ᠡ᠂ ᠥᠩᠭᠡᠷᠡᠭᠰᠡᠨ ᠤ ᠬᠤᠬᠢᠷᠠᠯ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠦᠭᠰᠢᠭᠦᠷᠢ ᠶᠢᠨ ᠬᠤᠬᠢᠷᠠᠯ ᠤᠨ ᠵᠠᠷᠴᠢᠮ ᠶᠣᠰᠣᠭᠠᠷ᠂ ᠳᠠᠭᠠᠳᠬᠠᠯ ᠤᠨ ᠰᠠᠭᠤᠷᠢ ᠵᠠᠷᠤᠳᠠᠯ ᠤᠨ ᠨᠣᠷᠮ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ ᠬᠡᠯᠪᠡᠯᠵᠡᠯᠲᠡ ᠶᠢᠨ ᠲᠣᠭᠲᠠᠴᠠ ᠶᠢ ᠪᠠᠶᠢᠭᠤᠯᠵᠤ᠂ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ ᠬᠥᠰᠢᠭᠦᠷᠭᠡ ᠶᠢᠨ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠦᠨᠳᠦᠰᠦᠨ ᠬᠠᠷᠢᠭᠤᠴᠠᠯᠭ᠎ᠠ ᠶᠢᠨ ᠳᠠᠭᠠᠳᠬᠠᠯ + ᠨᠡᠮᠡᠯᠲᠡ ᠳᠠᠭᠠᠳᠬᠠᠯ︾ ᠢᠶᠠᠷ ᠪᠦᠲᠦᠴᠡ ᠪᠣᠯᠭᠠᠨ᠂ ︽ᠰᠦᠢᠳᠦᠯ ᠤᠨ ᠲᠥᠯᠥᠪᠦᠷᠢ + ᠵᠠᠷᠤᠳᠠᠯ ᠤᠨ ᠨᠥᠬᠦᠪᠦᠷᠢ︾ ᠪᠠᠷ ᠴᠢᠭᠯᠡᠯ ᠪᠣᠯᠭᠠᠵᠤ᠂ ᠳᠠᠭᠠᠳᠬᠠᠯ ᠤᠨ ᠰᠢᠨ᠎ᠡ ᠨᠡᠷᠡᠳᠬᠦᠨ ᠢ ᠢᠳᠡᠪᠬᠢᠲᠡᠢ ᠨᠡᠭᠡᠭᠡᠨ ᠬᠥᠭᠵᠢᠭᠦᠯᠬᠦ ᠬᠡᠷᠡᠭᠲᠡᠢ᠃ ᠢᠳᠡᠭᠡᠨ ᠦᠢᠯᠡᠳᠪᠦᠷᠢᠯᠡᠬᠦ ᠡᠵᠡᠩᠨᠡᠬᠦ ᠨᠢᠭᠡᠴᠢ ᠶᠢᠨ ᠬᠡᠪᠴᠢᠶ᠎ᠡ᠂ ᠡᠵᠡᠩᠨᠡᠯᠲᠡ ᠶᠢᠨ ᠪᠠᠶᠢᠳᠠᠯ ᠲᠥᠯᠥᠪ᠂ ᠲᠦᠭᠰᠢᠭᠦᠷᠢ ᠶᠢᠨ ᠣᠨᠴᠠᠯᠢᠭ ᠵᠡᠷᠭᠡ ᠶᠢ ᠦᠨᠳᠦᠰᠦᠯᠡᠨ ᠨᠡᠷᠡᠳᠬᠦᠨ ᠤ ᠳᠠᠭᠠᠳᠬᠠᠯ᠂ ᠡᠭᠡᠭᠦᠯᠦᠨ ᠠᠪᠴᠤ ᠲᠥᠯᠥᠪᠦᠷᠢ ᠥᠭᠬᠦ ᠳᠠᠭᠠᠳᠬᠠᠯ᠂ ᠬᠠᠮᠲᠤ ᠴᠣᠭᠴᠠ ᠶᠢᠨ ᠳᠠᠭᠠᠳᠬᠠᠯ ᠮᠡᠲᠦ ᠶᠢᠨ ᠣᠯᠠᠨ ᠡᠰᠢᠲᠦ ᠳᠠᠭᠠᠳᠬᠠᠯ ᠤᠨ ᠨᠡᠷᠡᠳᠬᠦᠨ ᠢ ᠲᠥᠯᠥᠪᠯᠡᠨ ᠨᠡᠭᠡᠭᠡᠨ ᠬᠥᠭᠵᠢᠭᠦᠯᠵᠦ᠂ ᠳᠠᠭᠠᠳᠬᠠᠯ ᠤᠨ ᠬᠠᠷᠢᠭᠤᠴᠠᠯᠭ᠎ᠠ ᠶᠢᠨ ᠬᠡᠪᠴᠢᠶ᠎ᠡ ᠪᠠ ᠲᠥᠯᠥᠪᠦᠷᠢ ᠲᠥᠯᠥᠬᠦ ᠶᠠᠪᠤᠴᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠦᠢᠯ ᠵᠤᠷᠪᠤᠰ ᠢ ᠵᠣᠬᠢᠰᠲᠠᠢ ᠪᠠᠷ ᠴᠥᠭᠡᠳᠬᠡᠨ᠂ ᠵᠠᠬ᠎ᠠ ᠳᠡᠯᠭᠡᠭᠦᠷ ᠤᠨ ᠡᠯ᠎ᠡ ᠲᠥᠷᠥᠯ ᠤᠨ ᠭᠤᠣᠯ ᠴᠣᠭᠴᠠ ᠶᠢᠨ ᠠᠳᠠᠯᠢ ᠪᠤᠰᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠬᠠᠷᠢᠶᠠᠯᠠᠯ ᠤᠨ ᠳᠠᠭᠠᠳᠬᠠᠯ ᠤᠨ ᠨᠡᠷᠡᠳᠬᠦᠨ ᠢ ᠨᠡᠭᠡᠭᠡᠨ ᠬᠥᠭᠵᠢᠭᠦᠯᠵᠦ᠂ ᠤᠤᠯ ᠤᠨ ᠳᠠᠭᠠᠳᠬᠠᠯ ᠤᠨ ᠨᠡᠷᠡᠳᠬᠦᠨ ᠤ ᠬᠠᠨᠳᠤᠯᠭᠠᠲᠤ ᠴᠢᠨᠠᠷ ᠰᠤᠯᠠ᠂ ᠪᠠᠲᠤᠯᠠᠭ᠎ᠠ ᠴᠥᠭᠡᠨ᠂ ᠬᠠᠩᠰᠢ ᠥᠨᠳᠥᠷ᠂ ᠲᠥᠯᠥᠪᠦᠷᠢ ᠲᠥᠯᠥᠬᠦ ᠳᠤ ᠬᠦᠴᠢᠷ ᠵᠡᠷᠭᠡ ᠠᠰᠠᠭᠤᠳᠠᠯ ᠤᠳ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠳᠠᠭᠠᠳᠬᠠᠯ ᠳᠤ ᠥᠷᠭᠦᠯᠵᠢᠯᠡᠨ ᠣᠷᠤᠯᠴᠠᠬᠤ ᠠᠵᠤ ᠠᠬᠤᠶᠢᠯᠠᠯ ᠨᠢᠭᠡᠴᠢ ᠨᠦᠭᠦᠳ ᠲᠤ ᠤᠷᠮᠠᠰᠢᠭᠤᠯᠤᠯ ᠤᠨ ᠳᠥᠷᠥ ᠶᠢᠨ ᠪᠣᠳᠣᠯᠭ᠎ᠠ ᠬᠠᠩᠭᠠᠵᠤ᠂ ᠢᠳᠡᠭᠡᠨ ᠦᠢᠯᠡᠳᠪᠦᠷᠢᠯᠡᠭᠴᠢ ᠡᠵᠡᠩᠨᠡᠭᠴᠢᠳ ᠤᠨ ᠤᠬᠠᠮᠰᠠᠷ ᠠᠴᠠ ᠪᠠᠨ ᠳᠠᠭᠠᠳᠬᠠᠯ ᠳᠤ ᠣᠷᠤᠯᠴᠠᠬᠤ ᠳᠣᠲᠣᠭᠠᠳᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃     ︵ᠳᠥᠷᠪᠡ︶ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠤᠨ᠎ᠠ᠃ ᠳᠠᠭᠠᠳᠬᠠᠯ ᠤᠨ ᠵᠠᠭᠪᠤᠷ ᠤᠨ ᠰᠢᠨᠡᠴᠢᠯᠡᠯᠲᠡ ᠶᠢ ᠵᠣᠷᠢᠭᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠢᠶᠠᠳᠠᠬᠤ ᠲᠠᠯ᠎ᠠ ᠶᠢᠨ ᠬᠢᠨ ᠵᠠᠭᠤᠴᠢᠯᠠᠬᠤ ᠺᠤᠮᠫᠠᠨᠢ ᠶᠢ ᠲᠣᠬᠢᠷᠠᠮᠵᠢᠲᠠᠢ ᠴᠠᠭ ᠲᠤ ᠣᠷᠣᠭᠤᠯᠤᠨ ᠠᠪᠴᠢᠷᠠᠵᠤ᠂ ᠳᠠᠭᠠᠳᠬᠠᠯ ᠤᠨ ᠪᠠᠶᠢᠭᠤᠯᠤᠮᠵᠢ ᠶᠢᠨ ︽ᠬᠠᠮᠵᠢᠶ᠎ᠠ ᠳᠠᠭᠠᠳᠬᠠᠯ ᠤᠨ ᠴᠣᠭᠴᠠ︾ ᠬᠡᠯᠪᠡᠷᠢ ᠪᠠᠷ ᠬᠠᠮᠲᠤᠷᠠᠨ ᠳᠠᠭᠠᠳᠬᠠᠯ ᠳᠠᠭᠠᠭᠠᠬᠤ ᠶᠢ ᠨᠢ ᠵᠣᠷᠢᠭᠵᠢᠭᠤᠯᠵᠤ᠂ ᠨᠢᠭᠡᠳᠦᠯᠲᠡᠢ ᠳᠠᠭᠠᠳᠬᠠᠯ ᠤᠨ ᠲᠥᠷᠥᠯ᠂ ᠨᠢᠭᠡᠳᠦᠯᠲᠡᠢ ᠵᠠᠷᠤᠳᠠᠯ ᠤᠨ ᠨᠤᠷᠮ᠎ᠠ᠂ ᠨᠢᠭᠡᠳᠦᠯᠲᠡᠢ ᠵᠦᠢᠯ ᠵᠤᠷᠪᠤᠰ᠂ ᠨᠢᠭᠡᠳᠦᠯᠲᠡᠢ ᠪᠠᠲᠤᠯᠠᠭ᠎ᠠ ᠶᠢᠨ ᠬᠡᠪᠴᠢᠶ᠎ᠡ ᠶᠢᠨ ᠵᠠᠭᠪᠤᠷ ᠢ ᠬᠡᠷᠡᠭᠵᠢᠭᠦᠯᠵᠦ᠂ ᠠᠵᠢᠯ ᠲᠥᠷᠥᠯ ᠢᠶᠠᠷ ᠨᠢ ᠨᠢᠭᠡᠳᠦᠯᠲᠡᠢ ᠳᠠᠭᠠᠣᠡᠬᠠᠭᠤᠯᠬᠤ᠂ ᠣᠷᠣᠨ ᠪᠦᠰᠡ ᠶᠢᠨ ᠬᠢᠨ ᠲᠥᠪᠯᠡᠷᠡᠨ ᠳᠠᠭᠠᠳᠬᠠᠯ ᠳᠤ ᠳᠠᠭᠠᠣᠡᠬᠠᠭᠤᠯᠬᠤ ᠵᠡᠷᠭᠡ ᠬᠡᠯᠪᠡᠷᠢ ᠪᠠᠷ ᠬᠠᠮᠲᠤ ᠴᠣᠭᠴᠠ ᠪᠠᠷ ᠢᠶᠠᠨ᠂ ᠪᠥᠭᠡᠮ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ ᠠᠬᠢᠭᠤᠯᠤᠨ᠂ ᠳᠠᠭᠠᠳᠬᠠᠯ ᠤᠨ ᠬᠡᠪᠴᠢᠶᠡᠵᠢᠯ ᠤᠨ ᠨᠥᠯᠥᠭᠡᠯᠡᠯ ᠢ ᠳᠡᠭᠡᠭᠰᠢᠯᠡᠭᠦᠯᠵᠦ ᠂ ᠳᠠᠭᠠᠳᠬᠠᠯ ᠤᠨ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ᠃     ︵ᠲᠠᠪᠤ︶ ᠳᠠᠭᠠᠳᠬᠠᠯ ᠤᠨ ᠲᠥᠯᠥᠪᠦᠷᠢ ᠲᠥᠯᠥᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠠᠭᠠᠳᠬᠠᠯ ᠤᠨ ᠦᠢᠯᠡᠴᠢᠯᠡᠭᠡᠨ ᠤ ᠬᠡᠯᠪᠡᠷᠢ ᠶᠢ ᠰᠢᠨᠡᠴᠢᠯᠡᠵᠦ᠂ ᠳᠠᠭᠠᠳᠬᠠᠯ ᠳᠤ ᠳᠠᠭᠠᠣᠡᠬᠠᠭᠤᠯᠣᠭᠰᠠᠨ ᠢᠳᠡᠭᠡᠨ ᠦᠢᠯᠡᠳᠪᠦᠷᠢᠯᠡᠨ ᠡᠵᠡᠩᠨᠡᠬᠦ ᠠᠵᠤ ᠠᠬᠤᠶᠢᠯᠠᠯ ᠨᠢᠭᠡᠴᠢ ᠨᠦᠭᠦᠳ ᠲᠤ ᠲᠦᠭᠰᠢᠭᠦᠷᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠬᠤ ᠪᠠᠨ ᠴᠢᠩᠭᠠᠳᠬᠠᠵᠤ᠂ ᠳᠠᠭᠠᠳᠬᠠᠯ ᠳᠤ ᠳᠠᠭᠠᠣᠡᠬᠠᠭᠤᠯᠣᠭᠰᠠᠨ ᠠᠵᠤ ᠠᠬᠤᠶᠢᠯᠠᠯ ᠨᠢᠭᠡᠴᠢ ᠨᠦᠭᠦᠳ ᠤᠨ ᠲᠦᠭᠰᠢᠭᠦᠷᠢ ᠶᠢᠨ ᠲᠤᠬᠠᠢ ᠬᠥᠮᠦᠵᠢᠯ ᠬᠢᠬᠦ ᠪᠠ ᠠᠳᠡᠯ ᠭᠠᠷᠬᠤ ᠠᠴᠠ ᠰᠡᠷᠭᠡᠶᠢᠯᠡᠬᠦ ᠬᠠᠮᠢᠶᠠᠷᠤᠯᠲᠠ ᠥᠷᠨᠢᠭᠦᠯᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠵᠢᠯᠤᠭᠤᠳᠴᠤ᠂ ᠳᠠᠭᠠᠳᠬᠠᠯ ᠳᠤ ᠳᠠᠭᠠᠣᠡᠬᠠᠭᠤᠯᠣᠭᠰᠠᠣᠨ ᠤᠨ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠠᠴᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢᠨ ᠲᠥᠯᠥᠪᠦᠷᠢ ᠲᠥᠯᠥᠬᠦ ᠮᠡᠳᠡᠭᠡ ᠵᠠᠩᠭᠢᠵᠢᠯᠲᠠ ᠶᠢᠨ ᠵᠠᠮ ᠮᠥᠷ ᠤᠨ ᠪᠠᠶᠢᠭᠤᠯᠤᠯᠲᠠ ᠶᠢ ᠳᠡᠮᠵᠢᠵᠦ᠂ ᠪᠠᠭ᠎ᠠ ᠲᠣᠭᠠᠨ ᠤ ᠲᠥᠯᠥᠪᠦᠷᠢ ᠶᠢᠨ ᠲᠥᠯᠥᠬᠦ ᠶᠠᠪᠤᠴᠠ ᠶᠢ ᠴᠣᠮᠬᠠᠳᠬᠠᠵᠤ᠂ ᠲᠦᠷᠭᠡᠨ ᠰᠢᠢᠳᠪᠦᠷᠢᠯᠡᠬᠦ ᠴᠤᠪᠤᠷᠠᠯ ᠢ ᠲᠣᠳᠣᠷᠬᠠᠶᠢᠯᠠᠨ᠂ ᠳᠠᠭᠠᠳᠬᠠᠯ ᠤᠨ ᠲᠥᠯᠥᠪᠦᠷᠢ ᠲᠥᠯᠥᠬᠦ ᠬᠠᠷᠢᠭᠤᠴᠠᠯᠭ᠎ᠠ ᠶᠢ ᠨᠢ ᠴᠠᠭ ᠲᠤᠬᠠᠢ ᠳᠤ ᠨᠢ ᠭᠦᠢᠴᠡᠳᠬᠡᠯᠭᠡᠬᠦ ᠬᠡᠷᠡᠭᠲᠡᠢ᠃ ᠬᠠᠷᠢᠭᠤᠴᠠᠯᠭ᠎ᠠ ᠨᠢ ᠲᠣᠳᠣᠷᠬᠠᠢ ᠢᠳᠡᠭᠡᠨ ᠤ ᠠᠮᠤᠷ ᠲᠦᠪᠰᠢᠨ ᠤ ᠠᠳᠡᠯ ᠳᠤ ᠳᠠᠭᠠᠳᠬᠠᠯ ᠤᠨ ᠪᠠᠶᠢᠭᠤᠯᠤᠮᠵᠢ ᠠᠴᠠ ᠬᠤᠬᠢᠷᠠᠭᠴᠢᠳ ᠲᠤ ᠤᠷᠢᠳ ᠢᠶᠠᠷ ᠲᠦᠯᠣᠭᠦ ᠪᠤᠶᠤ ᠲᠥᠯᠥᠪᠦᠷᠢ ᠶᠢᠨ ᠮᠥᠩᠭᠦ ᠪᠠᠨ ᠤᠷᠢᠳᠴᠢᠯᠠᠨ ᠥᠭᠴᠦ᠂ ᠲᠥᠯᠥᠪᠦᠷᠢ ᠲᠥᠯᠥᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠳᠠᠷᠦ᠋ᠢᠬᠠᠨ ᠰᠢᠢᠳᠪᠦᠷᠢᠯᠡᠵᠦ᠂ ᠲᠥᠯᠥᠬᠦ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃     ︵ᠵᠢᠷᠭᠤᠭ᠎ᠠ︶ ᠳᠠᠭᠠᠳᠬᠠᠯ ᠳᠤ ᠣᠷᠤᠯᠴᠠᠬᠤ ᠡᠵᠡᠩᠨᠡᠯᠲᠡ ᠶᠢᠨ ᠪᠠᠶᠢᠳᠠᠯ ᠲᠥᠯᠥᠪ ᠤᠨ ᠬᠡᠪᠴᠢᠶ᠎ᠡ ᠶᠢ ᠲᠣᠳᠣᠷᠬᠠᠶᠢᠯᠠᠨ᠎ᠠ᠃ ᠡᠯ᠎ᠡ ᠭᠠᠵᠠᠷ ᠣᠷᠣᠨ ᠨᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠢᠬ᠎ᠠ ᠥᠨᠳᠡᠭᠡ ᠰᠦ ᠵᠢᠴᠢ ᠡᠳᠡᠭᠡᠷ ᠤᠨ ᠪᠦᠲᠦᠭᠡᠭᠳᠡᠬᠦᠨ ᠤᠳ ︵ᠨᠢᠷᠠᠢ ᠨᠢᠯᠬ᠎ᠠ ᠬᠡᠦᠬᠡᠳ ᠤᠨ ᠬᠡᠷᠡᠭᠯᠡᠬᠦ ᠨᠠᠶᠢᠷᠠᠯᠭ᠎ᠠ ᠲᠠᠢ ᠰᠦᠨ ᠲᠠᠯᠬ᠎ᠠ ᠪᠠᠭᠲᠠᠨ᠎ᠠ︶ ᠪᠠ ᠬᠠᠷ᠎ᠠ ᠠᠷᠢᠬᠢ ᠦᠢᠯᠡᠳᠪᠦᠷᠢᠯᠡᠬᠦ ᠠᠵᠤ ᠠᠬᠤᠶᠢᠯᠠᠯ᠂ ᠬᠠᠮᠲᠤ ᠪᠠᠷ ᠬᠤᠭᠤᠯᠠᠯᠠᠳᠠᠭ ᠨᠢᠭᠡᠴᠢ ︵ᠰᠤᠷᠭᠠᠭᠤᠯᠢ ᠶᠢᠨ ᠬᠦᠷᠢᠶᠡᠨ ᠳᠠᠬᠢ ᠬᠤᠭᠤᠯᠠᠨ ᠭᠡᠷ᠂ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠬᠤᠭᠤᠯᠠᠨ ᠭᠡᠷ᠂ ᠬᠥᠳᠡᠭᠡ ᠲᠣᠰᠬᠤᠨ ᠤ ᠬᠠᠮᠲᠤ ᠪᠠᠷ ᠬᠤᠭᠤᠯᠠᠯᠠᠬᠤ ᠳᠤ ᠡᠵᠡᠩᠨᠡᠵᠦ ᠪᠠᠶᠢᠭ᠎ᠠ ᠨᠢᠭᠡᠴᠢ ᠵᠡᠷᠭᠡ ᠪᠠᠭᠲᠠᠨ᠎ᠠ︶᠂ ᠪᠥᠭᠡᠮ ᠢᠳᠡᠭᠡᠨ ᠢ ᠲᠣᠬᠢᠷᠠᠭᠤᠯᠤᠨ ᠬᠦᠷᠭᠡᠬᠦ ᠨᠢᠭᠡᠴᠢ᠂ ᠬᠤᠭᠤᠯᠠᠨ ᠭᠡᠷ ᠤᠨ ᠬᠠᠮ ᠦᠢᠯᠡᠴᠢᠯᠡᠭᠦᠷ ᠪᠠ ᠵᠠᠬᠢᠶᠠᠯᠠᠭ᠎ᠠ ᠪᠠᠷ ᠪᠣᠯᠤᠭᠰᠠᠨ ᠢᠳᠡᠭᠡᠨ ᠲᠣᠬᠢᠷᠠᠭᠤᠯᠤᠨ ᠬᠦᠷᠭᠡᠬᠦ ᠨᠢᠭᠡᠴᠢ ᠨᠦᠭᠦᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠤᠬᠠᠮᠰᠠᠷ ᠠᠴᠠ ᠪᠠᠨ ᠳᠠᠭᠠᠣᠡᠬᠠᠭᠤᠯᠬᠤ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ᠨᠥᠬᠦᠴᠡᠯ ᠲᠠᠢ ᠣᠷᠣᠨ ᠨᠤᠲᠤᠭ ᠨᠢ ᠬᠡᠪᠴᠢᠶᠡᠵᠢᠯ ᠠᠴᠠ ᠳᠡᠭᠡᠭᠰᠢᠬᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠮᠡᠷᠭᠡᠵᠢᠯ ᠤᠨ ᠬᠤᠷᠰᠢᠶᠠᠵᠢᠯ᠂ ᠡᠷᠡᠭᠦᠯᠵᠢᠯ ᠤᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠢᠳᠡᠭᠡᠨ ᠪᠣᠷᠣᠯᠠᠭᠤᠯᠬᠤ ᠰᠦᠯᠵᠢᠶᠡᠨ ᠲᠠᠪᠴᠠᠩ᠂ ᠢᠳᠡᠭᠡᠨ ᠤᠮᠳᠠᠭᠠᠨ ᠤ ᠬᠡᠯᠬᠢᠶ᠎ᠡ ᠠᠵᠤ ᠠᠬᠤᠶᠢᠯᠠᠯ᠂ ᠬᠡᠯᠬᠢᠶ᠎ᠡ ᠬᠡᠳᠦ ᠳᠡᠯᠭᠡᠭᠦᠷ ᠵᠢᠴᠢ ᠲᠦᠭᠰᠢᠭᠦᠷᠢ ᠪᠠᠷ ᠬᠠᠷᠢᠴᠠᠩᠭᠤᠢ ᠥᠨᠳᠥᠷ ᠪᠠᠶᠢᠭ᠎ᠠ ᠢᠳᠡᠭᠡᠨ ᠦᠢᠯᠡᠳᠪᠦᠷᠢᠯᠡᠨ ᠡᠵᠡᠩᠨᠡᠬᠦ ᠪᠤᠰᠤᠳ ᠨᠢᠭᠡᠴᠢ ᠨᠦᠭᠦᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃     ᠭᠤᠷᠪᠠ᠂ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠷᠠᠭᠤᠯᠤᠨ᠎ᠠ     ︵ᠳᠣᠯᠤᠭ᠎ᠠ︶ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠡᠳᠦᠷ ᠲᠣᠲᠣᠮ ᠤᠨ ᠭᠤᠣᠯᠳᠠᠯᠭ᠎ᠠ ᠪᠣᠯᠬᠤ ᠠᠵᠢᠯ ᠳᠤ ᠪᠠᠨ ᠣᠷᠣᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠪᠠᠶᠢᠷᠢᠯᠠᠭᠤᠯᠬᠤ᠂ ᠬᠡᠷᠡᠭᠵᠢᠭᠦᠯᠬᠦ ᠪᠠᠶᠢᠴᠠᠭᠠᠬᠤ ᠪᠠ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠨᠢᠭᠡᠳᠦᠯᠲᠡᠢ ᠲᠥᠯᠥᠪᠯᠡᠨ ᠬᠠᠮᠲᠤᠷᠠᠨ ᠠᠵᠢᠯᠯᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠳᠠᠭᠠᠳᠬᠠᠯ ᠤᠨ ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠨ ᠨᠢᠭᠡᠴᠢ ᠵᠡᠷᠭᠡ ᠣᠯᠠᠨ ᠡᠲᠡᠭᠡᠳ ᠢᠶᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠤᠨ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠤᠨ ᠡᠮᠬᠢ ᠳᠠᠷᠠᠭᠠᠯᠠᠯ ᠲᠠᠢ ᠠᠬᠢᠬᠤ ᠶᠢ ᠪᠠᠲᠤᠯᠠᠬᠤ ᠬᠡᠷᠡᠭᠲᠡᠢ᠃     ︵ᠨᠠᠢᠮᠠ︶ ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠪᠠᠨ ᠴᠢᠩᠭᠠᠳᠬᠠᠨ᠎ᠠ᠃ ᠳᠠᠭᠠᠳᠬᠠᠯ ᠤᠨ ᠪᠠᠶᠢᠭᠤᠯᠤᠮᠵᠢ ᠨᠢ ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠦᠢᠯᠡᠴᠢᠯᠡᠭᠡ ᠪᠠᠨ ᠴᠢᠩᠭᠠᠳᠬᠠᠵᠤ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠭᠰᠠᠨ ᠨᠢᠭᠡᠴᠢ ᠳᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠲᠦᠭᠰᠢᠭᠦᠷᠢ ᠶᠢᠨ ᠲᠠᠯ᠎ᠠ ᠶᠢᠨ ᠦᠨᠡᠯᠡᠯᠲᠡ ᠬᠢᠬᠦ ᠵᠡᠷᠭᠡ ᠬᠤᠯᠪᠣᠭᠳᠠᠯ ᠪᠦᠬᠦᠢ ᠦᠢᠯᠡᠴᠢᠯᠡᠭᠡ ᠬᠠᠩᠭᠠᠬᠤ ᠬᠡᠷᠡᠭᠲᠡᠢ᠃ ᠳᠠᠭᠠᠳᠬᠠᠯ ᠳᠠᠭᠠᠭᠠᠬᠤ ᠠᠴᠠ ᠪᠠᠨ ᠡᠮᠦᠨ᠎ᠡ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠢᠨᠵᠢᠯᠡᠬᠦ ᠪᠠᠨ ᠴᠢᠩᠭᠠᠳᠬᠠᠵᠤ᠂ ᠳᠠᠭᠠᠳᠬᠠᠯ ᠳᠤ ᠳᠠᠭᠠᠣᠡᠬᠠᠭᠤᠯᠬᠤ ᠨᠢᠭᠡᠴᠢ ᠳᠤ ᠲᠦᠭᠰᠢᠭᠦᠷᠢ ᠶᠢᠨ ᠦᠨᠡᠯᠡᠯᠲᠡ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠳᠠᠭᠠᠳᠬᠠᠯ ᠤᠨ ᠪᠠᠶᠢᠭᠤᠯᠤᠮᠵᠢ ᠶᠢᠨ ᠠᠵᠢᠯ ᠤᠨ ᠬᠢᠨ ᠱᠠᠭᠠᠷᠳᠠᠯᠭ᠎ᠠ ᠠᠴᠠ ᠪᠣᠯᠵᠤ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠪᠤᠶᠤ ᠢᠳᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠪᠠ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠣᠰᠣ ᠪᠠᠷ ᠬᠦᠷᠲᠡᠬᠦ ᠶᠢ ᠳᠡᠮᠵᠢᠵᠦ᠂ ᠲᠦᠭᠰᠢᠭᠦᠷᠢ ᠶᠢᠨ ᠳ᠋ᠠᠶᠢᠲ᠋ᠠ ᠬᠥᠮᠥᠷᠭᠡ ᠶᠢ ᠲᠦᠷᠭᠡᠬᠡᠨ ᠪᠠᠶᠢᠭᠤᠯᠵᠤ᠂ ᠠᠵᠢᠯ ᠲᠦᠷᠦᠯ ᠤᠨ ᠬᠤᠭᠤᠷᠣᠨᠳᠤ ᠪᠠᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠣᠳᠣᠯᠠᠬᠤ ᠬᠢᠷᠢ ᠲᠦᠪᠰᠢᠨ ᠪᠠ ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠴᠠᠭᠠᠨ ᠢᠯᠡᠷᠡᠭᠦᠯᠦᠭᠰᠡᠨ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠲᠣᠪᠤᠶᠢᠮ᠎ᠠ ᠠᠰᠠᠭᠤᠳᠠᠯ ᠤᠳ ᠢ ᠴᠠᠭ ᠲᠤᠬᠠᠢ ᠳᠤ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃     ︵ᠶᠢᠰᠦ︶ ᠤᠬᠠᠭᠤᠯᠬᠤ ᠡᠷᠴᠢᠮ ᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠴᠢᠬᠤᠯᠠ ᠠᠴᠢ ᠬᠤᠯᠪᠣᠭᠳᠠᠯ᠂ ᠣᠷᠣᠨ ᠨᠤᠲᠤᠭ ᠤᠨ ᠲᠤᠷᠰᠢᠯᠭ᠎ᠠ᠂ ᠨᠡᠶᠢᠲᠡᠯᠢᠭ ᠵᠢᠱᠢᠶ᠎ᠡ ᠨᠦᠭᠦᠳ ᠢ ᠥᠷᠭᠡᠨ ᠢᠶᠠᠷ ᠤᠬᠠᠭᠤᠯᠬᠤ ᠬᠡᠷᠡᠭᠲᠡᠢ᠃ ᠳᠠᠭᠠᠳᠬᠠᠯ ᠳᠤ ᠳᠠᠭᠠᠣᠡᠬᠠᠭᠤᠯᠣᠭᠰᠠᠨ ᠨᠢᠭᠡᠴᠢ ᠤᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠢᠭᠡᠳᠦᠯᠲᠡᠢ ᠢᠯᠭᠠᠬᠤ ᠲᠡᠮᠳᠡᠭ ᠢ ᠵᠠᠷᠯᠠᠨ ᠨᠠᠭᠠᠬᠤ᠂ ᠵᠡᠭᠦᠯᠲᠡ ᠲᠣᠳᠣᠷᠬᠠᠶᠢᠯᠠᠯᠲᠠ ᠬᠢᠬᠦ ᠪᠤᠶᠤ ᠡᠯᠭᠦᠬᠦ ᠶᠢ ᠳᠡᠮᠵᠢᠨ᠂ ᠳᠠᠭᠠᠳᠬᠠᠯ ᠳᠤ ᠣᠷᠣᠯᠴᠠᠭᠰᠠᠳ ᠤᠨ ᠢᠯᠭᠠᠨ ᠲᠠᠨᠢᠭᠳᠠᠬᠤ ᠬᠡᠮᠵᠢᠶ᠎ᠡ ᠶᠢ ᠨᠡᠮᠡᠭᠳᠡᠭᠦᠯᠵᠦ᠂ ᠳᠠᠭᠠᠳᠬᠠᠯ ᠳᠤ ᠳᠠᠭᠠᠣᠡᠬᠠᠭᠤᠯᠣᠭᠰᠠᠨ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠤᠳᠤᠷᠢᠳᠴᠤ ᠢᠲᠡᠭᠡᠮᠵᠢᠲᠦ ᠲᠡᠮᠳᠡᠭᠲᠦ ᠶᠢ ᠪᠣᠢ ᠪᠣᠯᠭᠠᠨ᠂ ᠦᠨᠡᠨᠴᠢ ᠢᠲᠡᠭᠡᠮᠵᠢ ᠶᠢᠨ ᠰᠣᠶᠣᠯ ᠢ ᠬᠥᠮᠥᠵᠢᠭᠦᠯᠬᠦ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠡᠭᠦᠷᠭᠡ ᠪᠠᠨ ᠤᠬᠠᠮᠰᠠᠷ ᠠᠴᠠ ᠪᠠᠨ ᠡᠭᠦᠷᠭᠡᠯᠡᠭᠰᠡᠨ᠂ ᠳᠠᠭᠠᠳᠬᠠᠯ ᠳᠤ ᠢᠳᠡᠪᠬᠢᠲᠡᠢ ᠳᠠᠭᠠᠣᠡᠬᠠᠭᠤᠯᠣᠭᠰᠠᠨ ᠨᠢᠭᠡ ᠪᠦᠯᠦᠭ ᠠᠵᠤ ᠠᠬᠤᠶᠢᠯᠠᠯ ᠤᠳ ᠣᠨᠴᠠᠭᠠᠶᠢᠯᠠᠨ ᠨᠡᠷ᠎ᠡ ᠨᠥᠯᠥᠭᠡ ᠲᠠᠢ ᠠᠵᠤ ᠠᠬᠤᠶᠢᠯᠠᠯ ᠤᠳ ᠢ ᠰᠠᠶᠢᠰᠢᠶᠠᠨ ᠬᠥᠬᠢᠭᠦᠯᠵᠦ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃     ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2016︺ 49 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃     2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶     ᠬᠠᠭᠤᠯᠤᠨ ᠢᠯᠡᠭᠡᠬᠦ ᠨᠢ᠄     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ    2022 ᠣᠨ ᠤ 12 ᠳ᠋ᠤᠭᠠᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠥᠪᠦᠷ ᠮᠣᠩᠭᠤᠯ ᠤᠨ ᠠᠷᠠᠳ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号