ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨᠪᠢᠴᠢᠭ ᠮᠠᠲ᠋ᠧᠷᠢᠶᠠᠯᠥᠪᠥᠷ ᠵᠠᠰᠠᠭ ᠠᠯᠪᠠᠨ ᠲᠠᠷᠬᠠᠭᠠᠭᠰᠠᠨ︹2022︺86 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ | ᠱᠠᠩᠨᠠᠯ ᠤᠨ | ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ | ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ | ᠱᠠᠩᠨᠠᠯ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠪᠥᠬᠦ ᠣᠷᠣᠨ ᠤ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠪᠠᠨ | ᠴᠢᠩᠭᠠᠳᠬᠠᠬᠤ ᠶᠢ ᠨᠢ ᠬᠥᠲᠥᠯᠥᠨ ᠵᠢᠯᠤᠭᠤᠳᠬᠤ ᠪᠠ ᠤᠷᠮᠠᠰᠢᠭᠤᠯᠵᠤ᠂ ᠭᠠᠷᠮᠠᠭᠠᠢ ᠠᠮᠵᠢᠯᠲᠠ ᠪᠦᠲᠦᠮᠵᠢ ᠶᠢ | ᠬᠥᠭᠡᠭᠡᠴᠡᠯᠳᠦᠭᠦᠯᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ | ᠶᠠᠰᠤ ᠴᠢᠨᠠᠷ ᠤᠨ ᠱᠠᠩᠨᠠᠯ ︵ᠳᠣᠷᠣᠭᠰᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠭᠡᠵᠦ | ᠲᠣᠪᠴᠢᠯᠠᠨ᠎ᠠ︶ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠭᠤᠯᠤᠭᠰᠠᠨ | ᠶᠠᠰᠤ ᠴᠢᠨᠠᠷ ᠤᠨ ᠲᠠᠯ᠎ᠠ ᠪᠠᠷ ᠬᠢ ᠬᠠᠮᠤᠭ ᠤᠨ ᠳᠡᠭᠡᠳᠦ ᠢᠷᠠᠭᠤ ᠠᠯᠳᠠᠷ ᠤᠨ ᠱᠠᠩᠨᠠᠯ ᠤᠨ ᠵᠦᠢᠯ ᠪᠠᠶᠢᠵᠤ᠂ | ᠲᠡᠭᠦᠨ ᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ | ᠬᠡᠷᠡᠭᠵᠢᠭᠦᠯᠦᠭᠰᠡᠨ᠂ ᠶᠠᠰᠤ ᠴᠢᠨᠠᠷ ᠢ ᠳᠡᠭᠡᠭᠰᠢᠯᠡᠭᠦᠯᠦᠭᠰᠡᠨ ᠠᠮᠵᠢᠯᠲᠠ ᠪᠦᠲᠦᠮᠵᠢ ᠪᠠᠷ ᠢᠯᠡᠳᠲᠡ᠂ ᠠᠵᠤ | ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠲᠣᠪᠤᠶᠢᠮ᠎ᠠ᠂ ᠢᠯᠡᠷᠬᠡᠢ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠯᠭᠤᠨ᠎ᠠ᠃ | ᠭᠤᠷᠪᠠᠳᠤᠭᠠᠷ ᠵᠦᠢᠯ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ 2 ᠵᠢᠯ ᠳᠤ 1 ᠤᠳᠠᠭ᠎ᠠ | ᠰᠢᠯᠭᠠᠷᠠᠭᠤᠯᠤᠨ ᠰᠣᠩᠭᠤᠵᠤ᠂ ᠬᠤᠭᠤᠴᠠᠭ᠎ᠠ ᠪᠦᠷᠢ ᠳᠤ ᠣᠯᠭᠤᠬᠤ ᠶᠠᠰᠤ ᠴᠢᠨᠠᠷ ᠤᠨ ᠱᠠᠩᠨᠠᠯ ᠤᠨ ᠶᠡᠷᠦᠩᠬᠡᠢ | ᠲᠤᠭ᠎ᠠ ᠨᠢ 5 ᠪᠣᠯᠣᠨ᠎ᠠ᠃ | ᠨᠥᠬᠦᠴᠡᠯ ᠳᠤ ᠨᠡᠶᠢᠴᠡᠬᠦ ᠨᠢᠭᠡᠴᠢ ᠪᠠᠶᠢᠬᠤ ᠦᠭᠡᠢ ᠪᠣᠯ ᠱᠠᠩᠨᠠᠯ ᠤᠨ ᠵᠦᠢᠯ ᠢ ᠬᠤᠭᠤᠰᠤᠨ ᠪᠠᠶᠢᠯᠭᠠᠵᠤ | ᠪᠣᠯᠣᠨ᠎ᠠ᠃ | ᠳᠥᠷᠪᠡᠳᠦᠭᠡᠷ ᠵᠦᠢᠯ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠰᠢᠯᠭᠠᠷᠠᠭᠤᠯᠤᠯᠲᠠ ᠳᠤ | ᠣᠷᠤᠯᠴᠠᠬᠤ ᠡᠲᠡᠭᠡᠳ ᠠᠴᠠ ᠰᠦᠢᠳᠬᠡᠯ ᠬᠤᠷᠢᠶᠠᠬᠤ ᠦᠭᠡᠢ᠃ ᠬᠢᠨᠠᠨ ᠲᠣᠭᠲᠠᠭᠠᠬᠤ ᠠᠵᠢᠯ ᠤᠨ ᠵᠠᠷᠤᠳᠠᠯ ᠢ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠲᠣ ᠶᠢᠨ ᠪᠠᠶᠢᠭ᠎ᠠ ᠵᠠᠷᠤᠳᠠᠯ ᠠᠴᠠ ᠪᠠᠨ | ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠤᠰᠠᠯᠠᠮᠵᠢ ᠶᠢᠨ ᠪᠡᠯᠡ ᠮᠥᠩᠭᠦ ᠶᠢ ᠱᠠᠩᠨᠠᠯ ᠣᠯᠭᠤᠬᠤ ᠶᠢᠨ ᠳᠠᠷᠠᠭ᠎ᠠ | ᠨᠢᠭᠡ ᠵᠢᠯ ᠤᠨ ᠰᠠᠯᠠᠭ᠎ᠠ ᠮᠥᠴᠢᠷ ᠤᠨ ᠲᠥᠰᠥᠪ ᠲᠤ ᠪᠠᠨ ᠵᠢᠭᠰᠠᠭᠠᠨ ᠣᠷᠣᠭᠤᠯᠤᠨ᠎ᠠ᠃ | ᠲᠠᠪᠤᠳᠤᠭᠠᠷ ᠵᠦᠢᠯ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠤᠨ | ᠰᠣᠩᠭᠤᠬᠤ ᠳᠤ ᠰᠠᠶᠢᠨ ᠳᠤᠷ᠎ᠠ ᠠᠴᠠ ᠪᠠᠨ ᠭᠤᠶᠤᠴᠢᠯᠠᠵᠤ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠬᠢᠨᠠᠨ | ᠲᠣᠭᠲᠠᠭᠠᠬᠤ᠂ ᠡᠷᠬᠡ ᠲᠡᠭᠰᠢ ᠲᠥᠪ ᠭᠤᠥᠯᠴᠢ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠨ᠂ ᠪᠠᠷᠢᠮᠵᠢᠶ᠎ᠠ ᠪᠠᠨ | ᠴᠢᠩᠳᠠᠯᠠᠵᠤ᠂ ᠰᠠᠶᠢᠨ ᠠᠴᠠ ᠨᠢ ᠰᠢᠯᠢᠳᠡᠭ ᠢ ᠨᠢ ᠰᠣᠩᠭᠤᠬᠤ ᠬᠡᠷᠡᠭᠲᠡᠢ᠃ | ᠵᠢᠷᠭᠤᠳᠤᠭᠠᠷ ᠵᠦᠢᠯ ᠬᠢᠨᠠᠨ ᠲᠣᠭᠲᠠᠭᠠᠬᠤ ᠳᠦᠷᠢᠮᠯᠡᠯ ᠳᠤ GB/T19580 ︽ᠭᠠᠷᠮᠠᠭᠠᠢ ᠠᠮᠵᠢᠯᠲᠠ | ᠪᠦᠲᠦᠮᠵᠢ ᠶᠢ ᠦᠨᠡᠯᠡᠬᠦ ᠳᠦᠷᠢᠮ︾ ᠢ ᠦᠨᠳᠦᠰᠦᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠵᠤ ᠪᠠᠶᠢᠭᠠᠳ ᠲᠣᠭᠲᠠᠭᠠᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠬᠠᠮᠢᠶᠠᠷᠬᠤ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ | ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ | ᠳᠤᠭᠤᠶᠢᠯᠠᠩ ᠭᠡᠵᠦ ᠲᠣᠪᠴᠢᠯᠠᠨ᠎ᠠ︶ ᠨᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠢᠨᠠᠨ | ᠲᠣᠭᠲᠠᠭᠠᠬᠤ ᠠᠵᠢᠯ ᠢ ᠬᠠᠷᠢᠭᠤᠴᠠᠵᠤ᠂ ᠬᠢᠨᠠᠨ ᠲᠣᠭᠲᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠢᠨᠠᠨ | ᠲᠣᠭᠲᠠᠭᠠᠬᠤ ᠳᠦᠷᠢᠮ ᠪᠠ ᠰᠢᠯᠭᠠᠷᠠᠭᠤᠯᠤᠨ ᠰᠣᠩᠭᠤᠭᠰᠠᠨ ᠦᠷ᠎ᠡ ᠳ᠋ᠦᠩ ᠢ ᠬᠢᠨᠠᠵᠤ ᠲᠣᠭᠲᠠᠭᠠᠨ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ | ᠱᠠᠩᠨᠠᠯ ᠳᠤ ᠱᠠᠩᠨᠠᠯ ᠣᠯᠭᠤᠬᠤ ᠪᠠᠷ ᠲᠥᠯᠥᠪᠯᠡᠭᠰᠡᠨ ᠨᠡᠷᠡᠰ ᠵᠡᠷᠭᠡ ᠵᠦᠢᠯᠡᠰ ᠢ ᠳᠤᠷᠠᠳᠤᠨ᠎ᠠ᠃ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ | ᠱᠠᠩᠨᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠢᠨᠠᠨ ᠲᠣᠭᠲᠠᠭᠠᠬᠤ ᠳᠦᠷᠢᠮ ᠢ ᠲᠣᠭᠲᠠᠭᠠᠬᠤ ᠪᠠ | ᠵᠠᠰᠠᠪᠤᠷᠢ ᠣᠷᠣᠭᠤᠯᠬᠤ ᠶᠢ ᠵᠣᠬᠢᠶᠠᠨ ᠪᠠᠶᠢᠭᠤᠯᠵᠤ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢ | ᠪᠠᠶᠢᠭᠤᠯᠤᠨ ᠬᠠᠮᠢᠶᠠᠷᠴᠤ᠂ ᠬᠢᠨᠠᠨ ᠲᠣᠭᠲᠠᠭᠠᠬᠤ ᠠᠵᠢᠯ ᠤᠨ ᠲᠥᠯᠥᠪᠯᠡᠭᠡ ᠪᠠ ᠲᠥᠰᠥᠯ ᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠵᠤ᠂ | ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠵᠤ᠂ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠤᠳᠤᠷᠢᠳᠬᠤ | ᠳᠤᠭᠤᠶᠢᠯᠠᠩ ᠳᠤ ᠮᠡᠳᠡᠭᠦᠯᠵᠦ᠂ ᠵᠢᠱᠢᠭᠳᠡᠭᠰᠡᠳ ᠤᠨ ᠨᠡᠷᠡᠰ ᠢ ᠬᠢᠨᠠᠨ ᠵᠥᠪᠯᠡᠬᠦ ᠪᠠᠷ ᠳᠤᠷᠠᠳᠤᠨ ᠭᠠᠷᠭᠠᠵᠤ᠂ | ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ ᠪᠠ ᠠᠷᠭ᠎ᠠ ᠶᠢ ᠤᠬᠠᠭᠤᠯᠤᠨ ᠳᠡᠯᠭᠡᠷᠡᠭᠦᠯᠬᠦ᠂ | ᠪᠣᠯᠪᠠᠰᠤᠷᠠᠯ ᠬᠢᠬᠦ ᠪᠠ ᠬᠥᠮᠥᠵᠢᠭᠦᠯᠦᠨ ᠪᠤᠶᠢᠵᠢᠭᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠂ | ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠪᠣᠯᠣᠨ ᠲᠡᠮᠳᠡᠭ ᠤᠨ ᠬᠡᠷᠡᠭᠯᠡᠯᠲᠡ ᠶᠢ | ᠵᠢᠷᠤᠮᠵᠢᠭᠤᠯᠵᠤ᠂ ᠬᠢᠨᠠᠯᠲᠠ ᠲᠠᠯᠪᠢᠨ᠎ᠠ᠃ | ᠶᠢᠰᠦᠳᠦᠭᠡᠷ ᠵᠦᠢᠯ ᠡᠯ᠎ᠡ ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠨᠢ ᠲᠤᠰ ᠭᠠᠵᠠᠷ ᠣᠷᠣᠨ ᠤ ᠪᠠᠨ ᠭᠤᠶᠤᠴᠢᠯᠠᠵᠤ ᠮᠡᠳᠡᠭᠦᠯᠬᠦ ᠶᠢ ᠳᠠᠶᠢᠴᠢᠯᠠᠬᠤ᠂ ᠲᠠᠨᠢᠯᠴᠠᠭᠤᠯᠬᠤ | ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠲᠤᠰ ᠠᠵᠢᠯ | ᠲᠥᠷᠥᠯ ᠤᠨ ᠢᠶᠠᠨ ᠭᠤᠶᠤᠴᠢᠯᠠᠵᠤ ᠮᠡᠳᠡᠭᠦᠯᠬᠦ ᠶᠢ ᠳᠠᠶᠢᠴᠢᠯᠠᠬᠤ ᠠᠵᠢᠯ ᠢ ᠬᠠᠷᠢᠭᠤᠴᠠᠨ᠎ᠠ᠃ | ᠭᠤᠷᠪᠠᠳᠤᠭᠠᠷ ᠪᠦᠯᠦᠭ ᠭᠤᠶᠤᠴᠢᠯᠠᠨ ᠮᠡᠳᠡᠭᠦᠯᠬᠦ ᠨᠥᠬᠦᠴᠡᠯ | ᠠᠷᠪᠠᠳᠤᠭᠠᠷ ᠵᠦᠢᠯ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ | ᠨᠢᠭᠡᠴᠢ ᠨᠢ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠥᠪᠡᠷᠲᠡᠭᠡᠨ ᠵᠠᠰᠠᠬᠤ ᠣᠷᠣᠨ ᠳᠤ ᠬᠠᠤᠯᠢ ᠶᠣᠰᠣᠭᠠᠷ ᠳᠡᠩᠰᠠᠯᠠᠨ ᠲᠡᠮᠳᠡᠭᠯᠡᠭᠦᠯᠦᠭᠰᠡᠨ᠂ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ 5 ᠵᠢᠯ ᠠᠴᠠ ᠳᠡᠭᠡᠭᠰᠢ ᠬᠤᠭᠤᠴᠠᠭ᠎ᠠ ᠲᠠᠢ ᠬᠡᠪ ᠤᠨ | ᠪᠠᠶᠢᠳᠠᠯ ᠢᠶᠠᠷ ᠦᠢᠯᠡᠳᠪᠦᠷᠢᠯᠡᠨ ᠡᠵᠡᠩᠨᠡᠭᠰᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ᠂ | ᠶᠠᠰᠤ ᠴᠢᠨᠠᠷ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ᠂ ᠠᠮᠤᠷ ᠲᠦᠪᠰᠢᠨ ᠵᠡᠷᠭᠡ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠬᠤᠯᠪᠣᠭᠳᠠᠯ ᠪᠦᠬᠦᠢ ᠬᠢᠷᠢ ᠬᠡᠮ ᠪᠤᠶᠤ ᠭᠡᠷᠡᠴᠢ | ᠦᠨᠡᠮᠯᠡᠯ ᠢ ᠪᠦᠷᠢᠯᠳᠦᠭᠦᠯᠦᠭᠰᠡᠨ ᠪᠠᠶᠢᠬᠤ᠃ | ︵ᠬᠤᠶᠠᠷ︶ ᠶᠠᠰᠤ ᠴᠢᠨᠠᠷ ᠢ ᠬᠠᠮᠢᠶᠠᠷᠬᠤ ᠲᠣᠭᠲᠠᠯᠴᠠᠭ᠎ᠠ ᠨᠢ ᠪᠦᠷᠢᠨᠰᠢᠭᠰᠡᠨ᠂ ᠶᠠᠰᠤ ᠴᠢᠨᠠᠷ ᠢ ᠬᠠᠮᠢᠶᠠᠷᠬᠤ | ᠵᠠᠭᠪᠤᠷ ᠨᠢ ᠲᠡᠷᠢᠭᠦᠨ ᠤ ᠪᠠᠶᠢᠵᠤ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠭᠰᠠᠨ᠂ ᠶᠠᠰᠤ ᠴᠢᠨᠠᠷ ᠢ | ᠬᠠᠮᠢᠶᠠᠷᠬᠤ ᠳᠦᠷᠢᠮ᠂ ᠵᠠᠭᠪᠤᠷ᠂ ᠠᠷᠭ᠎ᠠ ᠠᠪᠴᠠᠯ ᠳᠤ ᠰᠢᠨ᠎ᠡ ᠶᠢ ᠡᠭᠦᠳᠦᠭᠰᠡᠨ ᠤ ᠬᠠᠮᠲᠤ᠂ 2 ᠵᠢᠯ ᠠᠴᠠ ᠳᠡᠭᠡᠭᠰᠢ | ᠬᠤᠭᠤᠴᠠᠭ᠎ᠠ ᠲᠠᠢ ᠪᠦᠲᠦᠮᠵᠢᠲᠡᠶ ᠠᠵᠢᠯᠯᠠᠭᠰᠠᠨ ᠮᠥᠷᠲᠡᠭᠡᠨ ᠳᠡᠯᠭᠡᠷᠡᠭᠦᠯᠬᠦ ᠦᠨ᠎ᠡ ᠥᠷᠲᠡᠭ ᠲᠠᠢ ᠪᠠᠶᠢᠬᠤ᠃ | ︵ᠭᠤᠷᠪᠠ︶ ︽ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ︾ | ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠶᠠᠰᠤ ᠴᠢᠨᠠᠷ ᠤᠨ ᠠᠵᠢᠯ ᠤᠨ ᠰᠢᠯᠢᠳᠡᠭ ᠰᠣᠶᠣᠯ ᠢ ᠡᠷᠬᠢᠮᠯᠡᠵᠦ᠂ | ᠶᠠᠰᠤ ᠴᠢᠨᠠᠷ ᠤᠨ ᠬᠤᠪᠢᠰᠤᠯᠲᠠ ᠶᠢ ᠶᠡᠭᠡ ᠪᠠᠷ ᠠᠬᠢᠭᠤᠯᠤᠨ᠎ᠠ᠃ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ | ᠡᠷᠬᠢᠯᠡᠵᠦ ᠪᠠᠶᠢᠭ᠎ᠠ ᠨᠢᠭᠡᠴᠢ ᠶᠢᠨ ᠭᠤᠣᠯ ᠪᠣᠯᠬᠤ ᠠᠵᠤ ᠠᠬᠤᠢ᠂ ᠮᠡᠷᠭᠡᠵᠢᠯ ᠤᠨ ᠭᠦᠢᠴᠡᠳᠬᠡᠯ ᠲᠤᠭ᠎ᠠ ᠪᠣᠯᠣᠨ ᠶᠠᠰᠤ | ᠴᠢᠨᠠᠷ ᠤᠨ ᠬᠢᠷᠢ ᠲᠦᠪᠰᠢᠨ ᠨᠢ ᠪᠥᠬᠦ ᠣᠷᠣᠨ ᠤ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠪᠠᠶᠢᠬᠤ︔ | ᠠᠰᠢᠭ ᠣᠯᠵᠠᠪᠤᠷᠢ ᠶᠢᠨ ᠪᠤᠰᠤ ᠴᠢᠨᠠᠷᠲᠠᠢ ᠲᠤᠬᠠᠶᠢᠯᠠᠭᠰᠠᠨ ᠠᠵᠢᠯ ᠢ ᠡᠷᠭᠢᠯᠡᠵᠦ ᠪᠠᠶᠢᠭ᠎ᠠ ᠨᠢᠭᠡᠴᠢ ᠶᠢᠨ ᠨᠡᠶᠢᠭᠡᠮ ᠳᠤ | ᠦᠵᠡᠭᠦᠯᠦᠭᠰᠡᠨ ᠬᠤᠪᠢ ᠨᠡᠮᠡᠷᠢ ᠨᠢ ᠥᠪᠡᠷᠲᠡᠭᠡᠨ ᠵᠠᠰᠠᠬᠤ ᠣᠷᠣᠨ ᠤ ᠠᠳᠠᠯᠢ ᠠᠵᠢᠯ ᠲᠥᠷᠥᠯ ᠤᠨ ᠡᠮᠦᠨ᠎ᠡ | ᠡᠩᠨᠡᠭᠡᠨ ᠳᠤ ᠪᠠᠶᠢᠬᠤ᠃ | ︵ᠳᠥᠷᠪᠡ︶ ᠶᠠᠰᠤ ᠴᠢᠨᠠᠷ ᠤᠨ ᠬᠥᠭᠵᠢᠯᠲᠡ᠂ ᠨᠠᠷᠠᠲᠤ ᠲᠡᠮᠳᠡᠭ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ᠂ ᠪᠠᠷᠢᠮᠵᠢᠶ᠎ᠠ ᠳᠤ ᠰᠢᠨ᠎ᠡ ᠶᠢ ᠡᠭᠦᠳᠬᠦ᠂ ᠠᠵᠤ ᠠᠬᠤᠢ ᠨᠡᠶᠢᠭᠡᠮ ᠤᠨ ᠦᠷ᠎ᠡ | ᠠᠰᠢᠭ᠂ ᠡᠨᠧᠷᠭᠢ ᠠᠷᠪᠢᠯᠠᠨ ᠬᠤᠷᠣᠭᠳᠠᠯ ᠢ ᠪᠠᠭᠤᠷᠠᠭᠤᠯᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠲᠠᠯ᠎ᠠ ᠪᠠᠷ | ᠲᠣᠪᠤᠶᠢᠮ᠎ᠠ ᠦᠷ᠎ᠡ ᠪᠦᠲᠦᠮᠵᠢ ᠣᠯᠣᠭᠰᠠᠨ ᠪᠠᠶᠢᠬᠤ᠃ | ︵ᠲᠠᠪᠤ︶ ᠣᠶᠢᠷ᠎ᠠ ᠶᠢᠨ 3 ᠵᠢᠯ ᠤᠨ ᠬᠤᠭᠤᠴᠠᠭᠠᠨ ᠳᠤ ᠶᠠᠰᠤ ᠴᠢᠨᠠᠷ᠂ ᠠᠮᠤᠷ ᠲᠦᠪᠰᠢᠨ᠂ ᠣᠷᠴᠢᠨ | ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠠᠳᠡᠯ ᠭᠠᠷᠤᠭᠰᠠᠨ ᠦᠭᠡᠢ᠂ | ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ | ᠪᠠ ᠢᠲᠡᠭᠡᠮᠵᠢ ᠪᠠᠨ ᠠᠯᠳᠠᠭᠰᠠᠨ ᠲᠡᠮᠳᠡᠭᠯᠡᠯ ᠪᠠᠶᠢᠬᠤ ᠦᠭᠡᠢ᠃ | ᠳᠥᠷᠪᠡᠳᠦᠭᠡᠷ ᠪᠦᠯᠦᠭ ᠬᠢᠨᠠᠨ ᠲᠣᠭᠲᠠᠭᠠᠬᠤ ᠶᠠᠪᠤᠴᠠ | ᠠᠷᠪᠠᠨ ᠨᠢᠭᠡᠳᠦᠭᠡᠷ ᠵᠦᠢᠯ ᠭᠤᠶᠤᠴᠢᠯᠠᠨ ᠮᠡᠳᠡᠭᠦᠯᠬᠦ ᠨᠢᠭᠡᠴᠢ ᠨᠦᠭᠦᠳ ᠰᠠᠶᠢᠨ ᠳᠤᠷ᠎ᠠ ᠶᠢᠨ ᠪᠠᠶᠢᠬᠤ ᠰᠠᠭᠤᠷᠢᠨ | ᠳᠡᠭᠡᠷ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠦᠨᠡᠨ ᠮᠥᠨ ᠢᠶᠠᠷ ᠲᠠᠭᠯᠠᠵᠤ᠂ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠪᠠ ᠬᠠᠮᠢᠶ᠎ᠠ ᠪᠦᠬᠦᠢ ᠨᠤᠲᠠᠯᠠᠨ ᠭᠡᠷᠡᠴᠢᠯᠡᠬᠦ ᠴᠢᠨᠠᠷᠲᠠᠢ ᠮᠠᠲ᠋ᠧᠷᠢᠶᠠᠯ ᠢᠶᠠᠨ ᠲᠣᠭᠲᠠᠭᠰᠠᠨ ᠴᠠᠭ | ᠬᠤᠭᠤᠴᠠᠭᠠᠨ ᠳᠤ᠂ ᠪᠠᠶᠢᠭ᠎ᠠ ᠭᠠᠵᠠᠷ ᠤᠨ ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠠᠶᠢᠮᠠᠭ ᠬᠤᠲᠠ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠬᠠᠮᠲᠤᠷᠠᠨ᠂ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠬᠢᠷᠢ ᠬᠡᠮ ᠪᠣᠯᠣᠨ ᠭᠤᠶᠤᠴᠢᠯᠠᠨ | ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ ᠲᠤ ᠬᠡᠯᠪᠡᠷᠢ ᠶᠢᠨ ᠲᠠᠯ᠎ᠠ ᠪᠠᠷ | ᠬᠢᠨᠠᠨ ᠪᠠᠶᠢᠴᠠᠭᠠᠯᠲᠠ ᠬᠢᠵᠦ᠂ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠳᠤ ᠨᠢ ᠲᠠᠨᠢᠯᠴᠠᠭᠤᠯᠬᠤ ᠰᠠᠨᠠᠯ | ᠭᠠᠷᠭᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠭᠤᠶᠤᠴᠢᠯᠠᠨ | ᠮᠡᠳᠡᠭᠦᠯᠦᠭᠰᠡᠨ ᠨᠢᠭᠡᠴᠢ ᠶᠢᠨ ᠬᠢᠷᠢ ᠬᠡᠮ ᠪᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ | ᠴᠢᠨᠠᠷ ᠢ ᠳᠠᠬᠢᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠥᠷᠥᠯ ᠤᠨ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠬᠢᠷᠢ ᠬᠡᠮ ᠳᠤ | ᠨᠡᠶᠢᠴᠡᠬᠦ ᠨᠡᠷᠡᠰ ᠢ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠬᠢᠨᠠᠨ ᠲᠣᠭᠲᠠᠭᠠᠬᠤ | ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠂ ᠡᠭᠦᠨ ᠳᠤ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ | ᠲᠠᠯᠠᠪᠤᠷ ᠲᠤ ᠨᠢ ᠬᠢᠨᠠᠨ ᠲᠣᠭᠲᠠᠭᠠᠬᠤ᠂ ᠲᠣᠭᠠᠴᠢᠯᠲᠠ ᠬᠢᠵᠦ ᠬᠠᠷᠢᠭᠤ ᠮᠠᠷᠭᠤᠬᠤ ᠪᠠᠭᠲᠠᠨ᠎ᠠ᠃ | ︵ᠨᠢᠭᠡ︶ ᠮᠠᠲ᠋ᠧᠷᠢᠶᠠᠯ ᠢ ᠬᠢᠨᠠᠨ ᠲᠣᠭᠲᠠᠭᠠᠬᠤ᠃ ᠮᠠᠲ᠋ᠧᠷᠢᠶᠠᠯ ᠢ ᠬᠢᠨᠠᠨ ᠲᠣᠭᠲᠠᠭᠠᠬᠤ ᠲᠤᠰᠬᠠᠢ | ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠮᠠᠲ᠋ᠧᠷᠢᠶᠠᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠂ ᠬᠢᠨᠠᠨ | ᠲᠣᠭᠲᠠᠭᠠᠭᠰᠠᠨ ᠰᠠᠨᠠᠯ ᠪᠠ ᠮᠠᠲ᠋ᠧᠷᠢᠶᠠᠯ ᠢ ᠬᠢᠨᠠᠨ ᠲᠣᠭᠲᠠᠭᠠᠭᠰᠠᠨ ᠬᠤᠪᠢ ᠶᠢ ᠭᠠᠷᠭᠠᠵᠤ᠂ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ | ᠠᠯᠪᠠᠨ ᠭᠡᠷ︶ ᠨᠢ ᠡᠯ᠎ᠡ ᠳᠤᠭᠤᠶᠢᠯᠠᠩ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠯᠡᠭᠡᠳ ᠲᠤᠬᠠᠢ ᠶᠢᠨ | ᠲᠠᠯᠠᠪᠤᠷ ᠲᠤ ᠨᠢ ᠬᠢᠨᠠᠨ ᠲᠣᠭᠲᠠᠭᠠᠬᠤ ᠨᠢᠭᠡᠴᠢ ᠶᠢᠨ ᠨᠡᠷᠡᠰ ᠢ ᠲᠣᠭᠲᠠᠭᠠᠨ᠎ᠠ᠃ | ︵ᠬᠤᠶᠠᠷ︶ ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠬᠤ᠃ ᠲᠤᠬᠠᠢ ᠶᠢᠨ ᠲᠠᠯᠠᠪᠤᠷ ᠲᠤ ᠨᠢ ᠬᠢᠨᠠᠨ | ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠨᠢ ᠬᠢᠨᠠᠨ | ᠲᠣᠭᠲᠠᠭᠠᠬᠤ ᠭᠤᠭᠴᠤᠭ᠎ᠠ ᠳᠤ ᠣᠷᠣᠭᠰᠠᠨ ᠭᠤᠶᠤᠴᠢᠯᠠᠨ ᠮᠡᠳᠡᠭᠦᠯᠬᠦ ᠨᠢᠭᠡᠴᠢ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠦᠢᠯᠡᠳᠦᠯᠭᠡ᠂ ᠭᠠᠷᠮᠠᠭᠠᠢ ᠠᠮᠵᠢᠯᠲᠠ ᠪᠦᠲᠦᠮᠵᠢ ᠶᠢᠨ ᠵᠠᠭᠪᠤᠷ ᠢ ᠬᠡᠷᠡᠭᠵᠢᠭᠦᠯᠦᠭᠰᠡᠨ ᠶᠠᠪᠤᠴᠠ | ᠦᠷ᠎ᠡ ᠳ᠋ᠦᠩ ᠵᠡᠷᠭᠡ ᠳᠤ ᠲᠤᠬᠠᠢ ᠶᠢᠨ ᠭᠠᠵᠠᠷ ᠲᠤ ᠨᠢ ᠦᠨᠡᠯᠡᠯᠲᠡ ᠬᠢᠵᠦ᠂ ᠬᠢᠨᠠᠨ ᠲᠣᠭᠲᠠᠭᠠᠭᠰᠠᠨ ᠰᠠᠨᠠᠯ ᠪᠠ | ᠲᠤᠬᠠᠢ ᠶᠢᠨ ᠲᠠᠯᠠᠪᠤᠷ ᠲᠤ ᠨᠢ ᠬᠢᠨᠠᠨ ᠲᠣᠭᠲᠠᠭᠠᠭᠰᠠᠨ ᠬᠤᠪᠢ ᠶᠢ ᠭᠠᠷᠭᠠᠨ᠎ᠠ᠃ | ︵ᠭᠤᠷᠪᠠ︶ ᠲᠣᠭᠠᠴᠢᠯᠲᠠ ᠬᠢᠵᠦ ᠬᠠᠷᠢᠭᠤ ᠮᠠᠷᠭᠤᠬᠤ᠃ ᠲᠣᠭᠠᠴᠢᠯᠲᠠ ᠬᠢᠵᠦ ᠬᠠᠷᠢᠭᠤ ᠮᠠᠷᠭᠤᠬᠤ ᠶᠢᠨ | ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠲᠤᠬᠠᠢ ᠶᠢᠨ ᠲᠠᠯᠠᠪᠤᠷ ᠤᠨ ᠬᠢᠨᠠᠨ | ᠲᠣᠭᠲᠠᠭᠠᠯᠲᠠ ᠶᠢ ᠪᠡᠶᠡᠯᠡᠭᠦᠯᠦᠭᠰᠡᠨ ᠭᠤᠶᠤᠴᠢᠯᠠᠨ ᠮᠡᠳᠡᠭᠦᠯᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠢ ᠵᠣᠬᠢᠶᠠᠨ | ᠪᠠᠶᠢᠭᠤᠯᠵᠤ ᠪᠠᠶᠢᠭᠠᠳ ᠲᠣᠭᠠᠴᠢᠯᠲᠠ ᠬᠢᠵᠦ ᠬᠠᠷᠢᠭᠤ ᠮᠠᠷᠭᠤᠭᠤᠯᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ | ᠬᠢᠨᠠᠨ ᠲᠣᠭᠲᠠᠭᠠᠭᠰᠠᠨ ᠰᠠᠨᠠᠯ ᠪᠠ ᠲᠣᠭᠠᠴᠢᠯᠲᠠ ᠬᠢᠵᠦ ᠬᠠᠷᠢᠭᠤ ᠮᠠᠷᠭᠤᠭᠰᠠᠨ ᠤ ᠬᠤᠪᠢ ᠶᠢ ᠭᠠᠷᠭᠠᠨ᠎ᠠ᠃ | ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠲᠤᠬᠠᠢ ᠶᠢᠨ | ᠲᠠᠯᠠᠪᠤᠷ ᠲᠤ ᠨᠢ ᠬᠢᠨᠠᠨ ᠲᠣᠭᠲᠠᠭᠠᠭᠰᠠᠨ ᠪᠠ ᠲᠣᠭᠠᠴᠢᠯᠲᠠ ᠬᠢᠵᠦ ᠬᠠᠷᠢᠭᠤ ᠮᠠᠷᠭᠤᠭᠰᠠᠨ ᠦᠷ᠎ᠡ ᠳ᠋ᠦᠩ ᠢ | ᠦᠨᠳᠦᠰᠦᠯᠡᠨ᠂ ᠭᠤᠶᠤᠴᠢᠯᠠᠨ ᠮᠡᠳᠡᠭᠦᠯᠦᠭᠰᠡᠨ ᠨᠢᠭᠡᠴᠢ ᠶᠢᠨ ᠶᠡᠷᠦᠩᠬᠡᠢ ᠬᠤᠪᠢ ᠶᠢ ᠲᠣᠭᠲᠠᠭᠠᠵᠤ᠂ ᠱᠠᠩᠨᠠᠯ | ᠣᠯᠭᠤᠬᠤ ᠪᠠᠷ ᠵᠢᠱᠢᠭᠳᠡᠭᠰᠡᠳ ᠤᠨ ᠨᠡᠷᠡᠰ ᠢ ᠰᠤᠳᠤᠯᠤᠨ ᠳᠤᠷᠠᠳᠴᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ | ᠰᠠᠨᠠᠭᠤᠯᠭ᠎ᠠ ᠬᠤᠷᠢᠶᠠᠨ᠎ᠠ᠃ | ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠬᠢᠨᠠᠨ ᠲᠣᠭᠲᠠᠭᠠᠭᠰᠠᠨ | ᠮᠡᠳᠡᠭᠦᠯᠦᠯᠲᠡ ᠵᠢᠴᠢ ᠰᠠᠨᠠᠯ ᠬᠤᠷᠢᠶᠠᠭᠰᠠᠨ ᠪᠠᠶᠢᠳᠠᠯ ᠢ ᠬᠤᠷᠢᠶᠠᠩᠭᠤᠶᠢᠯᠠᠵᠤ᠂ ᠲᠡᠷᠢᠭᠦᠯᠡᠭᠴᠢ ᠶᠢᠨ ᠣᠯᠭᠤᠬᠤ ᠶᠠᠰᠤ | ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠪᠠᠷ ᠲᠥᠯᠥᠪᠯᠡᠵᠦ ᠪᠠᠶᠢᠭ᠎ᠠ ᠨᠡᠷᠡᠰ ᠢ ᠳᠤᠷᠠᠳᠴᠤ᠂ ᠤᠳᠤᠷᠢᠳᠬᠤ | ᠳᠤᠭᠤᠶᠢᠯᠠᠩ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠯᠡᠵᠦ | ᠪᠠᠲᠤᠯᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠠᠴᠠ ᠲᠡᠷᠢᠭᠦᠯᠡᠭᠴᠢ ᠶᠢᠨ ᠣᠯᠭᠤᠬᠤ ᠶᠠᠰᠤ | ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠨᠡᠶᠢᠭᠡᠮ ᠨᠡᠶᠢᠲᠡ ᠳᠤ ᠵᠠᠷᠯᠠᠨ᠎ᠠ᠂ ᠨᠡᠶᠢᠲᠡ ᠳᠤ | ᠵᠠᠷᠯᠠᠬᠤ ᠬᠤᠭᠤᠴᠠᠭ᠎ᠠ ᠨᠢ 7 ᠠᠵᠢᠯᠯᠠᠬᠤ ᠡᠳᠦᠷ ᠪᠣᠯᠣᠨ᠎ᠠ᠃ | ᠲᠠᠪᠤᠳᠤᠭᠠᠷ ᠪᠦᠯᠦᠭ ᠰᠠᠶᠢᠰᠢᠶᠠᠨ ᠬᠥᠬᠢᠭᠦᠯᠵᠦ ᠱᠠᠩᠨᠠᠬᠤ | ᠠᠷᠪᠠᠨ ᠳᠣᠯᠣᠳᠤᠭᠠᠷ ᠵᠦᠢᠯ ᠢᠯᠡ ᠪᠠᠷ ᠨᠡᠶᠢᠲᠡᠯᠡᠭᠡᠳ ᠣᠨᠳᠣᠣ ᠰᠠᠨᠠᠯ ᠪᠠᠶᠢᠬᠤ ᠦᠭᠡᠢ ᠪᠣᠯ᠂ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ | ᠳᠤᠭᠤᠶᠢᠯᠠᠩ ᠤᠨ ᠠᠯᠪᠠᠨ ᠭᠡᠷ︶ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠵᠥᠪᠰᠢᠶᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠰᠠᠶᠢᠰᠢᠶᠠᠨ ᠬᠥᠬᠢᠭᠦᠯᠬᠦ ᠪᠠᠷ ᠨᠡᠪᠲᠡᠷᠡᠭᠦᠯᠦᠨ ᠮᠡᠳᠡᠭᠡᠯᠡᠵᠦ᠂ ᠱᠠᠩᠨᠠᠯ ᠤᠨ ᠮᠧᠳᠠᠯ ᠪᠠ ᠦᠨᠡᠮᠯᠡᠯ ᠣᠯᠭᠤᠨ᠎ᠠ᠃ | ᠠᠷᠪᠠᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠣᠯᠣᠭᠰᠠᠨ ᠨᠢᠭᠡᠴᠢ ᠳᠤ 100 ᠲᠦᠮᠡᠨ | ᠲᠥᠭᠦᠷᠢᠭ ᠤᠨ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠣᠯᠭᠤᠨ᠎ᠠ᠃ ᠠᠳᠠᠯᠢ ᠱᠠᠩᠨᠠᠯ ᠢ | ᠳᠠᠬᠢᠨᠲᠠ ᠣᠯᠣᠭᠰᠠᠨ ᠨᠢᠭᠡᠴᠢ ᠳᠤ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠳᠠᠭᠢᠵᠤ | ᠣᠯᠭᠤᠬᠤ ᠦᠭᠡᠢ᠃ | ᠠᠷᠪᠠ ᠶᠢᠰᠦᠳᠦᠭᠡᠷ ᠵᠦᠢᠯ ᠱᠠᠩᠨᠠᠯ ᠣᠯᠣᠭᠰᠠᠨ ᠨᠢᠭᠡᠴᠢ ᠳᠤ ᠣᠯᠭᠤᠭᠰᠠᠨ ᠶᠠᠰᠤ ᠴᠢᠨᠠᠷ ᠤᠨ ᠠᠵᠢᠯ ᠤᠨ | ᠲᠤᠰᠠᠯᠠᠮᠵᠢ ᠶᠢᠨ ᠪᠡᠯᠡ ᠮᠥᠩᠭᠦ ᠶᠢ ᠭᠤᠣᠯᠳᠠᠭᠤ ᠶᠠᠰᠤ ᠴᠢᠨᠠᠷ ᠤᠨ ᠮᠡᠷᠭᠡᠵᠢᠯ ᠤᠨ ᠰᠢᠪᠲᠤᠯᠤᠯᠲᠠ ᠶᠢᠨ ᠠᠵᠢᠯ ᠢ | ᠥᠷᠨᠢᠭᠦᠯᠬᠦ᠂ ᠶᠠᠰᠤ ᠴᠢᠨᠠᠷ ᠤᠨ ᠰᠠᠶᠢᠵᠢᠷᠠᠯᠲᠠ ᠶᠢ ᠦᠷᠭᠦᠯᠵᠢᠯᠡᠨ ᠠᠬᠢᠭᠤᠯᠬᠤ᠂ ᠠᠵᠢᠯᠲᠠᠨ ᠠᠵᠢᠯᠴᠢᠨ ᠤ ᠴᠢᠨᠠᠷ | ᠴᠢᠨᠰᠠᠭ᠎ᠠ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ᠂ | ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠬᠦ ᠵᠡᠷᠭᠡ ᠳᠤ | ᠵᠠᠷᠤᠴᠠᠭᠤᠯᠵᠤ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠃ ᠱᠠᠩᠨᠠᠯ ᠣᠯᠣᠭᠰᠠᠨ ᠨᠢᠭᠡᠴᠢ ᠨᠢ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ | ᠳᠤᠭᠤᠶᠢᠯᠠᠩ ᠤᠨ ᠠᠯᠪᠠᠨ ᠭᠡᠷ︶ ᠶᠢᠨ ᠲᠤᠰᠬᠠᠢ ᠵᠦᠢᠯ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ | ᠪᠦᠲᠦᠮᠵᠢ ᠶᠢ ᠦᠨᠡᠯᠡᠬᠦ ᠠᠵᠢᠯ ᠥᠷᠨᠢᠭᠦᠯᠬᠦ ᠳᠤ ᠬᠠᠮᠵᠢᠬᠤ ᠬᠡᠷᠡᠭᠲᠡᠢ᠃ | ᠵᠢᠷᠭᠤᠳᠤᠭᠠᠷ ᠪᠦᠯᠦᠭ ᠬᠢᠨᠠᠯᠲᠠ ᠬᠠᠮᠢᠶᠠᠷᠤᠯᠲᠠ | ᠬᠤᠷᠢᠳᠤᠭᠠᠷ ᠵᠦᠢᠯ ᠬᠢᠨᠠᠨ ᠲᠣᠭᠲᠠᠭᠠᠬᠤ ᠠᠵᠢᠯᠲᠠᠨ ᠭᠤᠶᠤᠴᠢᠯᠠᠨ ᠮᠡᠳᠡᠭᠦᠯᠦᠭᠰᠡᠨ ᠨᠢᠭᠡᠴᠢ ᠯᠦᠭᠡ ᠠᠰᠢᠭ | ᠬᠤᠣᠷ ᠤᠨ ᠬᠠᠷᠢᠴᠠᠭ᠎ᠠ ᠲᠠᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠢᠨᠠᠨ | ᠲᠣᠭᠲᠠᠭᠠᠯᠲᠠ ᠳᠤ ᠣᠷᠣᠯᠴᠠᠭᠴᠢ ᠡᠷᠬᠡᠪᠰᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠭᠤᠶᠤᠴᠢᠯᠠᠨ | ᠮᠡᠳᠡᠭᠦᠯᠦᠭᠰᠡᠨ ᠨᠢᠭᠡᠴᠢ ᠶᠢᠨ ᠬᠤᠳᠠᠯᠳᠤᠭᠠᠨ ᠤ ᠨᠢᠭᠤᠴᠠ᠂ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠭᠤᠶᠤᠴᠢᠯᠠᠨ ᠮᠡᠳᠡᠭᠦᠯᠬᠦ ᠨᠢᠭᠡᠴᠢ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠠᠬᠢ | ᠬᠤᠳᠠᠯᠳᠤᠭᠠᠨ ᠤ ᠨᠢᠭᠤᠴᠠ ᠪᠤᠶᠤ ᠮᠡᠷᠭᠡᠵᠢᠯ ᠤᠨ ᠨᠢᠭᠤᠴᠠ ᠳᠤ ᠬᠤᠯᠪᠣᠭᠳᠠᠭᠰᠠᠨ ᠵᠦᠢᠯ ᠢᠶᠠᠨ | ᠰᠠᠨᠠᠭᠠᠴᠢᠯᠠᠭ᠎ᠠ ᠠᠴᠠ ᠪᠠᠨ ᠲᠣᠳᠣᠷᠬᠠᠶᠢᠯᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠭᠤᠶᠤᠴᠢᠯᠠᠨ ᠮᠡᠳᠡᠭᠦᠯᠬᠦ ᠨᠢᠭᠡᠴᠢ ᠨᠢ ᠭᠤᠶᠤᠴᠢᠯᠠᠨ ᠮᠡᠳᠡᠭᠦᠯᠦᠭᠰᠡᠨ | ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃ ᠬᠤᠳᠠᠯ ᠬᠠᠭᠤᠷᠮᠠᠭ ᠢᠶᠠᠷ ᠵᠣᠬᠢᠶᠠᠵᠤ | ᠂ ᠵᠦᠢ ᠪᠤᠰᠤ ᠠᠷᠭ᠎ᠠ ᠪᠠᠷᠢᠯ ᠢᠶᠠᠷ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ | ᠮᠡᠬᠡᠯᠡᠨ ᠣᠯᠣᠭᠰᠠᠨ ᠨᠢᠭᠡᠴᠢ ᠶᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠨᠢ ᠲᠡᠷᠢᠭᠦᠯᠡᠭᠴᠢ ᠶᠢᠨ | ᠣᠯᠭᠤᠬᠤ ᠶᠠᠰᠤ ᠴᠢᠨᠠᠷ ᠤᠨ ᠱᠠᠩᠨᠠᠯ ᠤᠨ ᠴᠣᠯᠠ ᠶᠢ ᠨᠢ ᠬᠦᠴᠦᠨ ᠦᠭᠡᠢ ᠪᠣᠯᠭᠠᠬᠤ ᠪᠠᠷ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ᠂ ᠱᠠᠩᠨᠠᠯ ᠤᠨ ᠮᠧᠳᠠᠯ᠂ ᠦᠨᠡᠮᠯᠡᠯ ᠢ ᠨᠢ ᠬᠤᠷᠢᠶᠠᠨ | ᠠᠪᠴᠤ᠂ ᠲᠤᠰᠠᠯᠠᠮᠵᠢ ᠶᠢᠨ ᠪᠡᠯᠡ ᠮᠥᠩᠭᠦ ᠶᠢ ᠨᠡᠬᠡᠮᠵᠢᠯᠡᠨ ᠬᠤᠷᠢᠶᠠᠵᠤ᠂ ᠨᠡᠶᠢᠭᠡᠮ ᠳᠤ ᠠᠯᠪᠠᠨ ᠵᠠᠷᠯᠠᠯ ᠨᠡᠶᠢᠲᠡᠯᠡᠵᠦ᠂ | 5 ᠵᠢᠯ ᠤᠨ ᠬᠤᠭᠤᠴᠠᠭᠠᠨ ᠳᠤ ᠲᠡᠭᠦᠨ ᠤ ᠭᠤᠶᠤᠴᠢᠯᠠᠵᠤ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ | | ᠬᠤᠷᠢᠨ ᠳᠥᠷᠪᠡᠳᠦᠭᠡᠷ ᠵᠦᠢᠯ ᠱᠠᠩᠨᠠᠯ ᠣᠯᠣᠭᠰᠠᠨ ᠨᠢᠭᠡᠴᠢ ᠨᠢ ᠱᠠᠩᠨᠠᠯ ᠣᠯᠣᠭᠰᠠᠨ ᠤ ᠳᠠᠷᠠᠭᠠᠬᠢ 3 ᠵᠢᠯ ᠤᠨ | ᠬᠤᠭᠤᠴᠠᠭᠠᠨ ᠳᠤ ᠶᠠᠰᠤ ᠴᠢᠨᠠᠷ ᠤᠨ ᠪᠠ ᠠᠮᠤᠷ ᠲᠦᠪᠰᠢᠨ ᠤ ᠨᠡᠯᠢᠶᠡᠳ ᠶᠡᠭᠡ ᠠᠳᠡᠯ ᠭᠠᠷᠤᠭᠰᠠᠨ᠂ ᠡᠰᠡᠬᠦᠯ᠎ᠡ | ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠦᠢᠯᠡᠳᠪᠦᠷᠢᠯᠡᠯ ᠡᠵᠡᠩᠨᠡᠯᠲᠡ ᠶᠢᠨ ᠦᠢᠯᠡ | ᠠᠵᠢᠯᠯᠠᠭ᠎ᠠ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠠᠴᠠ ᠱᠠᠩᠨᠠᠯ ᠢ ᠨᠢ ᠬᠦᠴᠦᠨ ᠦᠭᠡᠢ ᠪᠣᠯᠭᠠᠬᠤ ᠪᠠᠷ | ᠥᠪᠡᠷᠲᠡᠭᠡᠨ ᠵᠠᠰᠠᠭ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠬᠦ ᠶᠢᠨ ᠬᠠᠮᠲᠤ ᠨᠡᠪᠲᠡᠷᠡᠭᠦᠯᠦᠨ | ᠮᠡᠳᠡᠭᠡᠯᠡᠨ᠎ᠡ᠃ | ᠬᠤᠷᠢᠨ ᠲᠠᠪᠤᠳᠤᠭᠠᠷ ᠵᠦᠢᠯ ᠱᠠᠩᠨᠠᠯ ᠣᠯᠣᠭᠰᠠᠨ ᠨᠢᠭᠡᠴᠢ ᠨᠢ ᠨᠢᠭᠡᠴᠢ ᠶᠢᠨ ᠢᠶᠠᠨ ᠳᠦᠷᠢ ᠲᠥᠷᠬᠦ ᠶᠢᠨ | ᠤᠬᠠᠭᠤᠯᠭ᠎ᠠ ᠳᠤ ᠱᠠᠩᠨᠠᠯ ᠤᠨ ᠴᠣᠯᠠ ᠶᠢ ᠬᠡᠷᠡᠭᠯᠡᠵᠦ ᠪᠣᠯᠬᠤ ᠶᠢᠨ ᠬᠠᠮᠲᠤ᠂ ᠱᠠᠩᠨᠠᠯ ᠣᠯᠣᠭᠰᠠᠨ ᠣᠨ ᠵᠢᠯ ᠢᠶᠠᠨ | ᠲᠣᠳᠣᠷᠬᠠᠶᠢᠯᠠᠨ᠎ᠠ᠂ ᠭᠡᠪᠡᠴᠦ ᠦᠢᠯᠡᠳᠬᠦᠨ ᠢᠶᠠᠨ ᠤᠬᠠᠭᠤᠯᠬᠤ ᠳᠤ ᠬᠡᠷᠡᠭᠯᠡᠵᠦ ᠪᠣᠯᠬᠤ ᠦᠭᠡᠢ᠂ ᠦᠢᠯᠡᠳᠬᠦᠨ ᠪᠤᠶᠤ | ᠪᠣᠭᠤᠳᠠᠯ ᠳᠡᠭᠡᠷ᠎ᠡ ᠪᠠᠨ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠲᠡᠮᠳᠡᠭ ᠪᠠ ᠱᠠᠩᠨᠠᠯ ᠤᠨ | ᠴᠣᠯᠠ ᠶᠢ ᠬᠠᠳᠠᠵᠤ ᠪᠣᠯᠬᠤ ᠦᠭᠡᠢ᠃ | ᠬᠤᠷᠢᠨ ᠵᠢᠷᠭᠤᠳᠤᠭᠠᠷ ᠵᠦᠢᠯ ᠱᠠᠩᠨᠠᠯ ᠣᠯᠣᠭᠰᠠᠨ ᠨᠢᠭᠡᠴᠢ ᠨᠢ ᠲᠡᠷᠢᠭᠦᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠲᠤᠷᠰᠢᠯᠭ᠎ᠠ ᠪᠠ ᠠᠷᠭ᠎ᠠ ᠠᠪᠴᠠᠯ ᠢᠶᠠᠨ ᠨᠡᠶᠢᠭᠡᠮ ᠳᠤ ᠳᠡᠯᠭᠡᠷᠡᠭᠦᠯᠬᠦ ᠡᠭᠦᠷᠭᠡ ︵ᠬᠤᠳᠠᠯᠳᠤᠭᠠᠨ ᠤ | ᠨᠢᠭᠤᠴᠠ ᠳᠤ ᠬᠤᠯᠪᠣᠭᠳᠠᠬᠤ ᠠᠴᠠ ᠭᠠᠳᠠᠨ᠎ᠠ︶ ᠪᠠᠨ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠶᠢᠨ | ᠵᠣᠬᠢᠶᠠᠨ ᠪᠠᠶᠢᠭᠤᠯᠵᠤ ᠥᠷᠨᠢᠭᠦᠯᠦᠭᠰᠡᠨ ᠳᠡᠯᠭᠡᠷᠡᠭᠦᠯᠬᠦ᠂ ᠤᠬᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ | ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠵᠢᠱᠢᠶᠡᠴᠢ ᠶᠢᠨ ᠳᠠᠶᠢᠴᠢᠯᠠᠬᠤ | ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠱᠠᠩᠨᠠᠯ ᠣᠯᠣᠭᠰᠠᠨ ᠨᠢᠭᠡᠴᠢ ᠨᠢ ᠱᠠᠩᠨᠠᠯ ᠣᠯᠣᠭᠰᠠᠨ 3 ᠵᠢᠯ ᠤᠨ | ᠬᠤᠭᠤᠴᠠᠭᠠᠨ ᠳᠤ᠂ ᠵᠢᠯ ᠪᠦᠷᠢ ︽ᠥᠪᠡᠷᠲᠡᠭᠡᠨ ᠵᠠᠰᠠᠭ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ | ᠱᠠᠩᠨᠠᠯ ᠤᠨ ᠠᠮᠵᠢᠯᠲᠠ ᠪᠦᠲᠦᠮᠵᠢ ᠶᠢᠨ ᠮᠡᠳᠡᠭᠦᠯᠦᠯᠲᠡ︾ ᠶᠢ ᠦᠨᠡᠨ ᠮᠥᠨ ᠢᠶᠠᠷ ᠲᠠᠭᠯᠠᠵᠤ᠂ ᠥᠪᠡᠷᠲᠡᠭᠡᠨ ᠵᠠᠰᠠᠭ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠤᠳᠤᠷᠢᠳᠬᠤ ᠳᠤᠭᠤᠶᠢᠯᠠᠩ ᠤᠨ | ᠠᠯᠪᠠᠨ ᠭᠡᠷ︶ ᠳᠤ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠮᠧᠳᠠᠯ᠂ | ᠦᠨᠡᠮᠯᠡᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠶᠠᠮᠠᠷᠪᠠ ᠨᠢᠭᠡᠴᠢ | ᠭᠡᠳ ᠬᠤᠳᠠᠯ ᠢᠶᠠᠷ ᠵᠣᠬᠢᠶᠠᠬᠤ ᠪᠠ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ | ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ | ︹ 2019 ︺ 7 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠬᠠᠭᠤᠯᠤᠨ ᠢᠯᠡᠭᠡᠬᠦ ᠨᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ | ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 12 ᠳ᠋ᠤᠭᠠᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ |