9 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ︽ᠤᠯᠠᠭᠠᠨᠬᠠᠳᠠ | ᠬᠤᠲᠠ ᠶᠢᠨ ᠰᠦᠩᠱᠠᠨ ᠲᠣᠭᠤᠷᠢᠭ ᠤᠨ ᠭᠠᠵᠠᠷ ᠤᠨ ᠨᠡᠷ᠎ᠡ ᠶᠢᠨ ᠲᠡᠮᠳᠡᠭᠯᠡᠯ︾ ᠭᠡᠬᠦ ᠰᠢᠨ᠎ᠡ ᠨᠣᠮ ᠢ ᠠᠩᠬ᠎ᠠ | ᠲᠠᠷᠬᠠᠭᠠᠬᠤ ᠶᠣᠰᠣᠯᠠᠯ ᠶᠠᠪᠤᠭᠤᠯᠪᠠ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠵᠢᠭᠠᠵᠤ ᠭᠠᠷᠭᠠᠬᠤ ᠳᠠᠭᠠᠨ᠂ ︽ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠭᠠᠵᠠᠷ ᠤᠨ ᠨᠡᠷ᠎ᠡ ᠶᠢᠨ ᠲᠡᠮᠳᠡᠭᠯᠡᠯ︾ ᠨᠢ ᠮᠠᠨ ᠤ | ᠲᠣᠭᠤᠷᠢᠭ ᠤᠨ 20 ᠭᠠᠷᠤᠶ ᠵᠢᠯ ᠤᠨ ᠲᠤᠷᠰᠢᠬᠢ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠦᠷ᠎ᠡ ᠪᠦᠲᠦᠭᠡᠯ ᠢ | ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠪᠠᠷᠢᠮᠵᠢᠶ᠎ᠠ ᠶᠢᠨ ᠴᠢᠨᠠᠷᠲᠠᠶ᠂ ᠬᠠᠤᠯᠢ ᠪᠠᠷ ᠲᠣᠭᠲᠠᠭᠠᠭᠰᠠᠨ ᠴᠢᠨᠠᠷᠲᠠᠶ ᠪᠠ | ᠡᠷᠬᠡ ᠰᠦᠷᠲᠦ ᠴᠢᠨᠠᠷᠲᠠᠶ ᠭᠠᠵᠠᠷ ᠤᠨ ᠨᠡᠷ᠎ᠡ ᠶᠢᠨ ᠭᠠᠷ ᠠᠪᠤᠯᠭ᠎ᠠ ᠶᠢᠨ ᠨᠣᠮ ᠮᠥᠨ᠃ ᠪᠥᠬᠦ ᠨᠣᠮ ᠢ ᠨᠠᠶᠢᠷᠠᠭᠤᠯᠤᠨ | ᠪᠢᠴᠢᠭᠰᠡᠨ ᠪᠠ ᠬᠡᠪᠯᠡᠭᠦᠯᠦᠭᠰᠡᠨ ᠨᠢ ᠮᠠᠨ ᠤ ᠲᠣᠭᠤᠷᠢᠭ ᠤᠨ ᠭᠠᠵᠠᠷ ᠤᠨ ᠨᠡᠷ᠎ᠡ ᠶᠢᠨ ᠲᠡᠤᠬᠡᠨ ᠳᠤ ᠦᠯᠡᠳᠡᠭᠡᠭᠰᠡᠨ | ᠤᠯᠠ ᠮᠥᠷ ᠲᠤ ᠭᠦᠨ ᠵᠤᠵᠠᠭᠠᠨ ᠨᠢᠭᠡ ᠬᠠᠭᠤᠳᠠᠰᠤ ᠨᠡᠮᠡᠷᠢᠯᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠭᠠᠵᠠᠷ ᠤᠨ ᠨᠡᠷ᠎ᠡ ᠶᠢᠨ | ᠲᠡᠮᠳᠡᠭᠯᠡᠯ︾ ᠢ ᠨᠠᠶᠢᠷᠠᠭᠤᠯᠤᠨ ᠪᠢᠴᠢᠬᠦ ᠪᠠ ᠬᠡᠪᠯᠡᠭᠦᠯᠬᠦ ᠠᠵᠢᠯ ᠢ ᠤᠯᠤᠰ ᠤᠨ ᠭᠠᠵᠠᠷ ᠤᠨ ᠨᠡᠷ᠎ᠡ ᠶᠢᠨ ᠰᠣᠶᠣᠯ ᠤᠨ | ᠥᠪ ᠢ ᠬᠠᠮᠠᠭᠠᠯᠠᠬᠤ ᠵᠣᠷᠢᠭ ᠰᠠᠨᠠᠭ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ | ᠤᠳᠠᠭᠠᠨ ᠤ ᠪᠥᠬᠦ ᠤᠯᠤᠰ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ | ᠬᠤᠪᠢᠷᠠᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠰᠦᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠶᠤᠮ᠃ ᠪᠦᠬᠦ ᠲᠡᠮᠳᠡᠭᠯᠡᠯ ᠤᠨ ᠡᠬᠡ | ᠪᠢᠴᠢᠭ ᠨᠢ ᠪᠠᠷᠤᠭ 110 ᠲᠦᠮᠡᠨ ᠦᠰᠦᠭ ᠲᠠᠢ᠂ 3 ᠠᠩᠭᠢ᠂ 11 ᠪᠦᠯᠦᠭ᠂ 46 ᠬᠡᠰᠡᠭ ᠲᠠᠢ᠂ 2841 | ᠭᠠᠵᠠᠷ ᠤᠨ ᠨᠡᠷ᠎ᠡ ᠶᠢ ᠣᠷᠣᠭᠤᠯᠵᠤ᠂ ᠡᠭᠦᠨ ᠤ ᠳᠣᠲᠣᠷ᠎ᠠ ᠬᠥᠮᠦᠨ ᠨᠡᠶᠢᠭᠡᠮ ᠤᠨ ᠭᠠᠵᠠᠷ ᠵᠦᠶ ᠶᠢᠨ ᠪᠣᠳᠠᠲᠤ | ᠴᠣᠭᠴᠠ 2370 ᠵᠤᠷᠪᠤᠰ᠂ ᠪᠠᠶᠢᠭᠠᠯᠢ ᠶᠢᠨ ᠭᠠᠵᠠᠷ ᠵᠦᠶ ᠶᠢᠨ ᠪᠣᠳᠠᠲᠤ ᠴᠣᠭᠴᠠ 297 ᠵᠤᠷᠪᠤᠰ᠂ 174 | ᠵᠤᠷᠪᠤᠰ ᠲᠡᠦᠬᠡ ᠶᠢᠨ ᠭᠠᠵᠠᠷ ᠤᠨ ᠨᠡᠷ᠎ᠡ ᠪᠤᠶ᠃ | ᠲᠣᠭᠤᠷᠢᠭ ᠤᠨ ᠤᠳᠤᠷᠢᠳᠤᠯᠭ᠎ᠠ ᠶᠤᠸᠠᠨ ᠴᠦᠨ ᠯᠢ᠂ ᠶᠣᠣ ᠰᠢᠤᠸᠠᠢ ᠱᠤ᠋ ᠶᠣᠰᠣᠯᠠᠯ ᠳᠤ ᠤᠷᠤᠯᠴᠠᠪᠠ᠃ |