2023 ᠣᠨ ᠤ ︽ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠰᠦᠩᠱᠠᠨ ᠲᠣᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2023/9/28
     ᠣᠶᠢᠷ᠎ᠠ ᠳᠤ᠂ ︽ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠶ᠎ᠠ︾ 2023 ᠣᠨ ᠤ ︽ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠰᠦᠩᠱᠠᠨ ᠲᠣᠭᠤᠷᠢᠭ ᠤᠨ ᠵᠧᠨ ᠰᠢᠩ ᠵᠡᠭᠡᠯᠢ ᠭᠤᠳᠤᠮᠵᠢ ᠳᠤ ᠡᠬᠢᠯᠡᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠲᠠ᠂ ᠲᠣᠭᠤᠷᠢᠭ ᠬᠤᠶᠠᠷ ᠱᠠᠲᠤᠨ ᠤ 22 ᠪᠦᠷᠢᠯᠳᠦᠬᠦᠨ ᠨᠢᠭᠡᠴᠡ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠬᠠᠭᠤᠯᠭ᠎ᠠ ᠶᠢᠨ ᠯᠠᠪᠯᠠᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠷᠠᠨ ᠰᠠᠶᠢᠬᠠᠨ ᠤ ᠲᠣᠭᠯᠠᠯᠲᠠ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠶᠢᠷ᠎ᠠ ᠶᠢᠨ ᠵᠢᠯ ᠤᠨ ᠲᠤᠷᠰᠢᠬᠢ ᠮᠠᠨ ᠤ ᠬᠤᠲᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠤᠷᠢᠶᠠᠯᠠᠨ ᠠᠮᠤᠷ ᠠᠮᠤᠭᠤᠯᠠᠩ ᠤᠯᠠᠭᠠᠨᠬᠠᠳᠠ ᠶᠢᠨ ᠪᠠᠶᠢᠭᠤᠯᠤᠯᠲᠠ ᠳᠤ ᠥᠩᠭᠡ ᠬᠡᠷᠡᠯ ᠨᠡᠮᠡᠷᠢᠯᠡᠵᠦ᠂ ᠪᠥᠬᠦ ᠨᠡᠶᠢᠭᠡᠮ ᠢᠶᠠᠷ ᠢᠶᠠᠨ ᠠᠮᠤᠷ ᠠᠮᠤᠭᠤᠯᠠᠩ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠪᠦᠲᠦᠮᠵᠢᠲᠡᠶ ᠳᠥᠯᠭᠢᠨ ᠠᠬᠢᠭᠤᠯᠵᠤ᠂ ᠬᠤᠲᠠ ᠶᠢᠨ ︽ᠤᠯᠤᠰ ᠲᠥᠷᠥ ᠨᠠᠩ ᠠᠮᠤᠷ ᠲᠦᠪᠰᠢᠨ︾ ︽ᠨᠡᠶᠢᠭᠡᠮ ᠨᠠᠩ ᠠᠮᠤᠷ ᠲᠣᠭᠲᠠᠭᠤᠨ︾ ︽ᠠᠷᠠᠳ ᠲᠦᠮᠡᠨ ᠨᠠᠩ ᠠᠮᠤᠷ ᠲᠠᠶᠢᠪᠤᠩ︾ ︽ᠲᠣᠤᠷ ᠰᠦᠯᠵᠢᠶ᠎ᠡ ᠨᠠᠩ ᠠᠮᠤᠷ ᠲᠦᠪᠰᠢᠨ︾ ᠳᠤ ᠬᠦᠴᠦᠨ ᠨᠡᠮᠡᠷᠢᠯᠡᠪᠡ᠃ 
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号