ᠣᠶᠢᠷ᠎ᠠ ᠳᠤ᠂ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠤᠲᠠ ᠶᠢᠨ ᠲᠣᠭᠤᠷᠢᠭ ᠤᠨ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ 14 ᠬᠠᠤᠯᠢ | ᠬᠡᠷᠡᠭᠵᠢᠭᠦᠯᠬᠦ ᠴᠠᠬᠢᠯᠭᠠᠨ ᠬᠥᠳᠡᠯᠭᠡᠭᠦᠷᠲᠦ ᠲᠡᠷᠭᠡ ᠲᠦᠭᠡᠭᠡᠨ ᠦᠭᠪᠡ᠃ | ᠣᠶᠢᠯᠠᠭᠠᠭᠰᠠᠨ ᠢᠶᠠᠷ᠂ ᠲᠣᠰ ᠪᠦᠯᠦᠭ ᠤᠨ ᠬᠠᠤᠯᠢ ᠬᠡᠷᠡᠭᠵᠢᠭᠦᠯᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ | ᠬᠤᠲᠠ ᠶᠢᠨ ᠲᠣᠭᠤᠷᠢᠭ ᠤᠨ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠠᠯᠪᠠᠨ | ᠶᠠᠪᠤᠳᠠᠯ ᠤᠨ ᠬᠠᠤᠯᠢ ᠬᠡᠷᠡᠭᠵᠢᠭᠦᠯᠬᠦ᠂ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠪᠣᠯᠭᠠᠵᠤ᠂ ᠢᠳᠡᠭᠡᠨ᠂ ᠡᠮ ᠤᠨ | ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠵᠢᠴᠢ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠪᠠᠲᠤᠯᠠᠭ᠎ᠠ᠂ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ᠂ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠵᠡᠷᠭᠡ ᠠᠵᠢᠯ ᠤᠨ ᠥᠷᠨᠢᠯᠲᠡ ᠶᠢ ᠤᠯᠠᠮ ᠨᠢᠭᠡ ᠠᠯᠬᠤᠮ ᠳᠥᠯᠭᠢᠨ | ᠠᠬᠢᠭᠤᠯᠬᠤ ᠪᠣᠯᠤᠨ᠎ᠠ᠃ | ᠲᠣᠰ ᠤᠳᠠᠭᠠᠨ ᠤ ᠬᠠᠤᠯᠢ ᠬᠡᠷᠡᠭᠵᠢᠭᠦᠯᠬᠦ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠣᠬᠢᠷᠠᠭᠤᠯᠤᠯᠲᠠ ᠨᠢ | ᠬᠠᠤᠯᠢ ᠬᠡᠷᠡᠭᠵᠢᠭᠦᠯᠬᠦ ᠵᠠᠮ ᠬᠠᠷᠢᠯᠴᠠᠭᠠᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠦᠨᠳᠦᠰᠦᠨ | ᠱᠠᠲᠤᠨ ᠤ ᠬᠠᠤᠯᠢ ᠬᠡᠷᠡᠭᠵᠢᠭᠦᠯᠬᠦ ᠮᠠᠰᠢᠨ ᠲᠡᠷᠭᠡ ᠬᠦᠷᠦᠯᠴᠡᠬᠦ ᠥᠬᠡᠶ ᠪᠠᠶᠢᠬᠤ ᠬᠦᠴᠢᠷᠳᠡᠯ ᠢ ᠨᠠᠮᠳᠠᠭᠤᠯᠤᠨ᠂ | ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠦᠨᠡᠨ ᠬᠦ | ᠳᠡᠭᠡᠭᠰᠢᠯᠡᠭᠦᠯᠵᠦ᠂ ᠬᠠᠤᠯᠢ ᠠᠴᠠ ᠵᠥᠷᠢᠴᠡᠭᠰᠡᠨᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ | ᠥᠭᠬᠦ ᠴᠢᠳᠠᠪᠤᠷᠢ ᠶᠢ ᠨᠡᠮᠡᠭᠳᠡᠭᠦᠯᠦᠨ᠂ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ︽ | ᠬᠤᠷᠳᠤᠴᠠ ᠶᠢ ᠨᠡᠮᠡᠭᠳᠡᠭᠦᠯᠬᠦ︾ ᠠᠵᠢᠯ ᠳᠤ ᠬᠦᠴᠦ ᠨᠡᠮᠡᠷᠢᠯᠡᠬᠦ ᠪᠣᠯᠤᠨ᠎ᠠ᠃ |