ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ︵ᠵᠡᠭᠦᠨ ᠬᠡᠰᠡᠭ ᠤᠨ ᠣᠷᠣᠨ︶ ᠶᠢᠨ ᠲᠤᠬᠠᠶ ᠶᠢᠨ ᠲᠠᠯᠠᠪᠤᠷ ᠤᠨ ᠬᠤᠷᠠᠯ ᠰᠦᠩᠱᠠᠨ ᠲᠣᠭᠤᠷᠢᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2023/9/7
     9 ᠳ᠋ᠦ᠋ᠭᠡᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ︵ᠵᠡᠭᠦᠨ ᠬᠡᠰᠡᠭ ᠤᠨ ᠣᠷᠣᠨ︶ ᠶᠢᠨ ᠲᠤᠬᠠᠶ ᠶᠢᠨ ᠲᠠᠯᠠᠪᠤᠷ ᠤᠨ ᠬᠤᠷᠠᠯ ᠰᠦᠩᠱᠠᠨ ᠲᠣᠭᠤᠷᠢᠭ ᠲᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠤᠤ ᠶᠸᠦ᠂ ᠳᠡᠳ᠋ ᠲᠢᠩᠬᠢᠮ ᠤᠨ ᠳᠠᠷᠤᠭ᠎ᠠ ᠭᠤᠤ ᠮᠢᠩ ᠲᠠᠩ ᠲᠤᠬᠠᠶ ᠶᠢᠨ ᠲᠠᠯᠠᠪᠤᠷ ᠤᠨ ᠬᠤᠷᠠᠯ ᠳᠤ ᠣᠷᠣᠯᠴᠠᠪᠠ︔ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠱᠸᠤ ᠯᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠶᠠᠨ ᠶᠦᠩ ᠪᠠᠷ᠎ᠠ ᠪᠣᠯᠪᠠ᠃    ᠬᠤᠷᠠᠯ ᠳᠤ ᠣᠷᠣᠯᠴᠠᠭᠰᠠᠳ ᠤᠷᠢᠳ ᠬᠤᠵᠢᠳ ᠬᠠᠷᠠᠲᠤᠬᠤᠢ ᠪᠠᠯᠭᠠᠰᠤᠨ ᠤ ᠬᠡᠪᠴᠢᠶᠡᠵᠢᠭᠰᠡᠨ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ᠂ ᠲᠠᠢ ᠫᠢᠩ ᠳ᠋ᠢ ᠪᠠᠯᠭᠠᠰᠤᠨ ᠤ ᠱᠠᠨ ᠴᠢᠶᠠᠨ ᠲᠣᠰᠬᠤᠨ ᠳᠤ ᠬᠦᠷᠴᠦ᠂ ᠬᠠᠷᠢᠭᠤ ᠮᠡᠳᠡᠭᠦᠯᠦᠯᠲᠡ ᠰᠣᠨᠣᠰᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠰᠦᠩᠱᠠᠨ ᠲᠣᠭᠤᠷᠢᠭ ᠤᠨ ᠺᠣᠮᠫᠠᠨᠢᠴᠢᠯᠠᠭᠰᠠᠨ ᠨᠠᠶᠢᠳᠠᠨ ᠬᠠᠮᠢᠶᠠᠷᠤᠭᠤᠯᠬᠤ ᠵᠠᠭᠪᠤᠷ᠂ ᠲᠠᠷᠢᠶᠠᠴᠢᠳ ᠤᠨ ᠤᠰᠤ ᠬᠡᠷᠡᠭᠯᠡᠬᠦ ᠨᠡᠶᠢᠭᠡᠮᠯᠢᠭ ᠤᠨ ᠬᠠᠮᠢᠶᠠᠷᠤᠯᠲᠠ ᠶᠢᠨ ᠵᠠᠭᠪᠤᠷ ᠵᠡᠷᠭᠡ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃    ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠢᠯᠣᠭᠤᠳᠣᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠵᠢᠴᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ ᠰᠦᠩᠱᠠᠨ ᠲᠣᠭᠤᠷᠢᠭ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ︽ᠤᠰᠤᠨ ᠤ ᠬᠠᠩᠭᠠᠯᠭ᠎ᠠ ᠶᠢ ᠬᠢᠵᠠᠭᠠᠷᠯᠠᠨ᠂ ᠤᠰᠤᠨ ᠤ ᠦᠨ᠎ᠡ ᠶᠢ  ᠳᠡᠰ ᠬᠤᠪᠢᠶᠠᠬᠤ︾ ᠵᠠᠷᠴᠢᠮ ᠢ ᠪᠠᠷᠢᠮᠲᠠᠯᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ᠪᠦᠬᠦ ᠲᠣᠭᠤᠷᠢᠭ ᠤᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ᠂ ᠲᠠᠷᠢᠶᠠᠯᠠᠩ ᠤᠨ ᠤᠰᠤᠨ ᠤ ᠦᠨ᠎ᠡ ᠶᠢᠨ ᠪᠤᠢ ᠪᠣᠯᠭᠠᠬᠤ᠂ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ᠂ ᠤᠰᠤ ᠠᠷᠪᠢᠯᠠᠬᠤ ᠱᠠᠩᠨᠠᠬᠤ ᠲᠣᠭᠲᠠᠴᠠ ᠦᠨᠳᠦᠰᠦᠨ ᠳᠤ ᠪᠠᠨ ᠪᠤᠢ ᠪᠣᠯᠭᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠢᠯᠡᠷᠬᠡᠶ ᠦᠷ᠎ᠡ ᠪᠦᠲᠦᠮᠵᠢ ᠣᠯᠵᠤ᠂ ᠲᠠᠷᠢᠶᠠᠯᠠᠩ ᠤᠨ ᠤᠰᠤ ᠠᠷᠪᠢᠯᠠᠬᠤ ᠦᠷ᠎ᠡ ᠪᠦᠲᠦᠮᠵᠢ ᠶᠢ ᠢᠯᠡᠷᠬᠡᠶ ᠳᠡᠭᠡᠭᠰᠢᠯᠡᠭᠦᠯᠬᠦ᠂ ᠠᠮᠤ ᠪᠤᠳᠠᠭᠠᠨ ᠤ ᠤᠨᠠᠯᠲᠠ ᠶᠢᠨ ᠦᠯᠦ ᠪᠠᠭᠤᠷᠠᠭᠤᠯᠬᠤ ᠪᠠ ᠤᠰᠤ ᠠᠷᠪᠢᠯᠠᠵᠤ ᠤᠰᠤᠯᠠᠬᠤ ᠢᠨᠵᠧᠨᠧᠷᠢᠩ ᠢ ᠦᠷᠭᠦᠯᠵᠢᠯᠡᠨ ᠠᠵᠢᠯᠯᠠᠭᠤᠯᠬᠤ ︽ᠭᠤᠷᠪᠠᠨ ᠬᠠᠷᠠᠯᠲᠠ︾ ᠶᠢ ᠦᠨᠳᠦᠰᠦᠨ ᠳᠤ ᠨᠢ ᠪᠡᠶᠡᠯᠡᠭᠦᠯᠪᠡ᠃    2022 ᠣᠨ ᠤ ᠰᠡᠭᠦᠯᠴᠢ ᠪᠣᠯᠲᠠᠯ᠎ᠠ᠂ ᠰᠦᠩᠱᠠᠨ ᠲᠣᠭᠤᠷᠢᠭ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠷᠢᠶᠠᠨ ᠭᠠᠵᠠᠷ ᠤᠨ ᠲᠠᠯᠠᠪᠠᠶ ᠶᠢ 85 ᠲᠦᠮᠡᠨ ᠮᠥ ᠬᠥᠭᠵᠢᠭᠦᠯᠵᠦ᠂ 6 ᠤᠰᠤ ᠠᠷᠪᠢᠯᠠᠬᠤ ᠤᠰᠤᠯᠠᠯᠲᠠ ᠶᠢᠨ ᠭᠤᠤᠯ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ ᠳᠠᠭᠤᠰᠬᠠᠵᠤ᠂ 99.97 ᠲᠦᠮᠡᠨ ᠮᠥ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠲᠣᠭᠤᠷᠢᠭ ᠤᠨ ᠲᠠᠰ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ 1᠂ ᠰᠢᠶᠠᠩ ᠪᠠᠯᠭᠠᠰᠤᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ 14᠂ ᠲᠣᠰᠬᠤᠨ ᠤ ᠲᠠᠰ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ 36 ᠪᠠᠶᠢᠭᠤᠯᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号