9 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ 2023 ᠣᠨ ᠤ ︽ | ᠬᠠᠮᠤᠭ ᠤᠨ ᠭᠤᠶᠣ ᠬᠡᠷ ᠪᠦᠯᠢ︾ ᠶᠢ ᠨᠡᠶᠢᠲᠡᠯᠡᠬᠦ ᠶᠣᠰᠣᠯᠠᠯ ᠶᠠᠪᠤᠭᠤᠯᠵᠤ᠂ 26 ᠬᠡᠷ ᠪᠦᠯᠢ ᠢᠷᠠᠭᠤ | ᠠᠯᠳᠠᠷᠲᠠᠶ ᠪᠠᠷ ᠨᠡᠷᠡᠰ ᠤᠨ ᠵᠢᠭᠰᠠᠭᠠᠯᠲᠠ ᠳᠤ ᠣᠷᠣᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠠᠨ ᠶᠦᠩ ᠲᠣᠰ ᠠᠵᠢᠯᠯᠠᠭ᠎ᠠ ᠳᠤ ᠣᠷᠣᠯᠴᠠᠪᠠ᠃ | | ᠶᠣᠰᠣᠯᠠᠯ ᠳᠡᠭᠡᠷ᠎ᠡ᠂ ᠰᠦᠩᠱᠠᠨ ᠲᠣᠭᠤᠷᠢᠭ ᠤᠨ 26 ᠡᠷᠦᠬᠡ ᠭᠡᠷ ᠪᠦᠯᠢ ︽ᠬᠠᠮᠤᠭ ᠤᠨ ᠭᠤᠶᠤ ᠭᠡᠷ ᠪᠦᠯᠢ︾ | ᠶᠢᠨ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠬᠤᠨᠳᠠᠭ᠎ᠠ ᠶᠢ ᠬᠦᠷᠲᠡᠪᠡ᠃ ᠯᠢ ᠵᠠᠨ ᠶᠦᠩ ᠶᠣᠰᠣᠯᠠᠯ | ᠳᠡᠭᠡᠷ᠎ᠡ ᠵᠢᠭᠠᠵᠤ ᠭᠠᠷᠭᠠᠭᠰᠠᠨ ᠨᠢ᠂ ︽ᠬᠠᠮᠤᠭ ᠤᠨ ᠭᠤᠶᠣ ᠬᠡᠷ ᠪᠦᠯᠢ ᠶᠢᠨ ᠰᠢᠯᠭᠠᠷᠠᠭᠤᠯᠤᠯᠲᠠ︾ ᠶᠢ | ᠥᠷᠨᠢᠭᠦᠯᠬᠦ ᠨᠢ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠭᠦᠨᠵᠡᠭᠡᠶ ᠦᠢᠯᠡᠳᠦᠯᠭᠡᠵᠢᠭᠦᠯᠵᠦ᠂ | ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠡᠭᠦᠷᠭᠡ | ᠴᠢᠳᠠᠪᠬᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠪᠣᠯᠤᠨ ᠭᠡᠷ | ᠪᠦᠯᠢ ᠶᠢᠨ ᠬᠢᠨ ᠢ ᠬᠦᠳᠦᠯᠦᠨ ᠳᠠᠭᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠭᠡᠷ ᠪᠦᠯᠢ ᠶᠢᠨ ᠪᠣᠯᠪᠠᠰᠤᠨ ᠤ | ᠪᠠᠶᠢᠭᠤᠯᠤᠯᠲᠠ ᠳᠤ ᠠᠭᠤᠰᠤᠯᠴᠠᠭᠤᠯᠬᠤ ᠬᠡᠷᠡᠭᠲᠡᠢ︔ ᠠᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ | ᠬᠠᠮᠤᠭ ᠤᠨ ᠭᠤᠶᠣ ᠬᠡᠷ ᠪᠦᠯᠢ ᠶᠢᠨ ᠠᠵᠢᠯ ᠡᠷᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠵᠢᠱᠢᠶ᠎ᠡ | ᠦᠵᠡᠭᠦᠯᠦᠨ ᠳᠠᠶᠢᠴᠢᠯᠠᠬᠤ ᠶᠢ ᠴᠢᠩᠭᠠᠷᠠᠭᠤᠯᠤᠨ᠂ ᠮᠡᠷᠭᠡᠳ ᠠᠴᠠ ᠲᠠᠭᠠᠨ ᠰᠤᠷᠤᠯᠴᠠᠬᠤ᠂ ᠥᠭᠡᠳᠡᠯᠡᠨ ᠳᠠᠪᠰᠢᠬᠤ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠣᠳᠣᠬᠢᠴᠢᠯᠠᠭᠰᠠᠨ ᠰᠢᠨ᠎ᠡ ᠰᠦᠩᠱᠠᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠳᠤ ᠬᠡᠷ ᠪᠦᠯᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠬᠦᠰᠡᠪᠡ᠃ |