ᠢᠦᠶ ᠬᠤᠸᠠ ᠶᠠᠨ ᠬᠡᠰᠡᠭ ᠰᠤᠷᠭᠠᠭᠤᠯᠢ ᠳᠤ ᠬᠦᠷᠴᠦ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/9/7
     9 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ ᠬᠤᠸᠠ ᠶᠠᠨ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠰᠦᠩᠱᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠷᠠᠭᠤᠨ ᠠᠭᠤᠯᠠᠨ ᠤ ᠰᠤᠷᠭᠠᠭᠤᠯᠢ ᠶᠢᠨ ᠲᠣᠭᠤᠷᠢᠭ᠂ ᠰᠦᠩᠱᠠᠨ ᠤ ᠶᠢᠰᠦᠳᠦᠭᠡᠷ ᠳᠤᠮᠳᠠᠳᠤ ᠰᠤᠷᠭᠠᠭᠤᠯᠢ ᠵᠡᠷᠭᠡ ᠬᠤᠳᠠ ᠶᠢᠨ ᠲᠣᠭᠤᠷᠢᠭ ᠤᠨ ᠰᠤᠷᠭᠠᠭᠤᠯᠢ ᠪᠣᠯᠤᠨ ᠳ᠋ᠠ ᠮᠢᠶᠣᠣ ᠳᠤᠮᠳᠠᠳᠤ ᠰᠤᠷᠭᠠᠭᠤᠯᠢ᠂  ᠴᠢᠳᠬᠤᠯᠠᠩ ᠳᠤᠮᠳᠠᠳᠤ ᠰᠤᠷᠭᠠᠭᠤᠯᠢ᠂ ᠳ᠋ᠠᠢ ᠹᠦ᠋ ᠶᠢᠩᠽᠢ ᠪᠠᠭ᠎ᠠ ᠰᠤᠷᠭᠠᠭᠤᠯᠢ ᠵᠡᠷᠭᠡ ᠬᠥᠳᠡᠭᠡ ᠲᠣᠰᠬᠤᠨ ᠤ ᠰᠤᠷᠭᠠᠭᠤᠯᠢ ᠳᠤ ᠬᠦᠷᠴᠦ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠬᠤᠭᠤᠴᠠᠭᠠᠨ ᠳᠠᠬᠢ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ᠃    ᠢᠦᠶ ᠬᠤᠸᠠ ᠶᠠᠨ ᠵᠢᠭᠠᠵᠤ ᠭᠠᠷᠭᠠᠭᠰᠠᠨ ᠨᠢ᠂ ᠡᠯ᠎ᠡ ᠰᠤᠷᠭᠠᠭᠤᠯᠢ ᠨᠤᠭᠤᠳ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠥᠷᠭᠡᠨ ᠣᠯᠠᠨ ᠪᠠᠭᠰᠢ ᠰᠤᠷᠤᠭᠴᠢᠳ ᠲᠤ ᠨᠠᠩ ᠠᠮᠤᠷ ᠲᠦᠪᠰᠢᠨ ᠡᠶ᠎ᠡ ᠵᠣᠬᠢᠴᠠᠯ ᠲᠠᠢ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠤᠷ ᠠᠮᠤᠭᠤᠯᠠᠩ ᠢ ᠬᠠᠮᠠᠭᠠᠯᠠᠬᠤ ᠬᠡᠷᠡᠭᠲᠡᠶ︔ ᠰᠤᠷᠭᠠᠭᠤᠯᠢ ᠶᠢᠨ ᠡᠭᠦᠳᠡ᠂ ᠬᠤᠭᠤᠯᠠᠨ ᠭᠡᠷ᠂ ᠪᠠᠶᠢᠷᠢ ᠵᠡᠷᠭᠡ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠢᠶᠠᠷᠤᠯᠲᠠ ᠶᠢ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠠᠵᠢᠯ ᠤᠨ ᠠᠮᠤᠷ ᠲᠦᠪᠰᠢᠨ ᠲᠣᠭᠲᠠᠭᠤᠨ᠂ ᠤᠷᠤᠭᠰᠢᠲᠠᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠰᠤᠷᠤᠭᠴᠢᠳ ᠤᠨ ᠬᠠᠮᠢᠶᠠᠷᠤᠯᠲᠠ ᠪᠠ ᠬᠥᠮᠦᠵᠢᠯ ᠢ ᠴᠢᠩᠭᠠᠳᠬᠠᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠢᠳᠡᠪᠬᠢᠲᠡᠢ ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠤᠨ ᠬᠡᠷᠡᠭ ᠡᠭᠦᠰᠬᠦ ᠶᠢ ᠪᠦᠲᠦᠮᠵᠢᠲᠡᠢ ᠰᠡᠷᠭᠡᠶᠢᠯᠡᠵᠦ᠂ ᠬᠥᠮᠦᠨ ᠬᠥᠮᠦᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号