8 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ 2023 ᠣᠨ ᠤ ︽ | ᠰᠦᠩᠱᠠᠨ ᠢ ᠬᠠᠶᠢᠷ᠎ᠠ ᠪᠠᠷ ᠳᠤᠯᠠᠭᠠᠴᠠᠭᠤᠯᠵᠤ᠂ ᠲᠠᠷᠢᠶᠠᠯᠠᠩ ᠬᠤᠳᠠᠯᠳᠤᠭᠠᠨ ᠤ ᠪᠠᠩᠬᠢ ᠬᠠᠷᠢᠯᠴᠠᠨ ᠬᠠᠯᠠᠮᠵᠢᠯᠠᠬᠤ︾ | ᠰᠤᠷᠤᠯᠭ᠎ᠠ ᠶᠢ ᠲᠡᠳᠬᠦᠬᠦ ᠬᠠᠨᠳᠢᠪ ᠤᠨ ᠠᠵᠢᠯᠯᠠᠭ᠎ᠠ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠯᠢ ᠵᠠᠨ | ᠶᠦᠩ᠂ ᠱᠢ ᠵᠢᠶᠠᠨ ᠪᠢᠨ᠂ ᠢᠦᠢ ᠬᠤᠸᠠ ᠶᠠᠨ᠂ ᠶᠣᠣ ᠰᠢᠤᠸᠠᠢ ᠱᠤ᠋ ᠠᠵᠢᠯᠯᠠᠭ᠎ᠠ ᠳᠤ ᠣᠷᠣᠯᠴᠠᠪᠠ᠃ | ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠭᠤᠣᠯᠯᠠᠨ ᠡᠷᠬᠢᠯᠡᠬᠦ ᠲᠠᠯ᠎ᠠ ᠶᠢᠨ ᠬᠢᠨ ᠪᠦᠬᠦ ᠲᠣᠭᠤᠷᠢᠭ ᠤᠨ ᠶᠠᠳᠠᠭᠤ | ᠬᠦᠴᠢᠷᠳᠡᠯᠲᠡᠢ 37 ᠨᠡᠷ᠎ᠡ ᠰᠢᠨ᠎ᠡ ᠰᠤᠷᠤᠭᠴᠢ ᠳᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠨᠳᠢᠪᠯᠠᠪᠠ᠃ | ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠯᠢ ᠵᠠᠨ ᠶᠦᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠠᠨᠳᠢᠪᠯᠠᠯ ᠨᠢ ᠰᠦᠩᠱᠠᠨ ᠤ ᠲᠠᠷᠢᠶᠠᠯᠠᠩ | ᠬᠤᠳᠠᠯᠳᠤᠭᠠᠨ ᠤ ᠪᠠᠩᠬᠢ ᠶᠢᠨ ᠰᠦᠩᠱᠠᠨ ᠲᠣᠭᠤᠷᠢᠭ ᠤᠨ ᠠᠵᠢᠯ ᠢ ᠳᠡᠮᠵᠢᠵᠦ ᠪᠠᠶᠢᠬᠤ ᠪᠠ ᠪᠥᠬᠦ ᠲᠣᠭᠤᠷᠢᠭ ᠤᠨ | ᠰᠤᠷᠤᠭᠴᠢᠳ ᠢ ᠬᠠᠯᠠᠮᠵᠢᠯᠠᠵᠤ ᠪᠠᠶᠢᠬᠤ ᠶᠢ ᠭᠦᠢᠴᠡᠳᠬᠠᠷᠠᠭᠤᠯᠵᠤ ᠪᠠᠶᠢᠨ᠎ᠠ᠂ ᠲᠡᠷᠡ ᠬᠦᠰᠡᠭᠰᠡᠨ ᠨᠢ᠂ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠴᠢᠷᠮᠠᠶᠢᠵᠤ᠂ ᠬᠠᠮᠵᠢᠯᠴᠠᠭ᠎ᠠ ᠪᠠᠨ ᠴᠢᠩᠭᠠᠳᠬᠠᠨ᠂ ᠵᠠᠯᠠᠭᠤᠴᠤᠳ | ᠪᠠᠭᠠᠴᠤᠳ ᠤᠨ ᠰᠤᠷᠭᠠᠭᠤᠯᠢ ᠳᠡᠪᠰᠢᠵᠦ ᠰᠤᠷᠤᠯᠭ᠎ᠠ ᠶᠢ ᠲᠡᠳᠬᠦᠬᠦ ᠠᠵᠢᠯ ᠢ ᠭᠦᠨᠵᠡᠭᠡᠶ ᠰᠠᠶᠢᠲᠤᠷ ᠬᠢᠬᠦ ᠬᠡᠷᠡᠭᠲᠡᠢ︔ | ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠣᠷᠣᠯᠴᠠᠵᠤ᠂ ᠶᠠᠳᠠᠭᠤ ᠬᠦᠴᠢᠷᠳᠡᠯᠲᠡᠢ ᠰᠤᠷᠤᠭᠴᠢᠳ ᠤᠨ | ᠶᠡᠭᠡ ᠰᠤᠷᠭᠠᠭᠤᠯᠢ ᠳᠤ ᠣᠷᠣᠬᠤ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠬᠡᠷᠡᠭᠲᠡᠢ︔ ᠲᠤᠰᠠᠯᠠᠮᠵᠢ ᠬᠦᠷᠳᠡᠭᠰᠡᠨ | ᠰᠤᠷᠤᠭᠴᠢᠳ ᠤᠰᠤ ᠶᠢ ᠨᠢ ᠤᠤᠭᠤᠪᠠᠯ ᠡᠬᠢ ᠶᠢ ᠨᠢ ᠪᠦᠦ ᠮᠠᠷᠲᠠ ᠭᠡᠳᠡᠭ ᠢᠶᠠᠷ ᠤᠯᠤᠰ ᠪᠠ ᠨᠡᠶᠢᠭᠡᠮ ᠤᠨ | ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ | ᠣᠶᠢᠯᠠᠭᠠᠭᠰᠠᠨ ᠢᠶᠠᠷ᠂ ︽ᠰᠦᠩᠱᠠᠨ ᠢ ᠬᠠᠶᠢᠷ᠎ᠠ ᠪᠠᠷ ᠳᠤᠯᠠᠭᠠᠴᠠᠭᠤᠯᠵᠤ᠂ ᠲᠠᠷᠢᠶᠠᠯᠠᠩ ᠬᠤᠳᠠᠯᠳᠤᠭᠠᠨ ᠤ | ᠪᠠᠩᠬᠢ ᠬᠠᠷᠢᠯᠴᠠᠨ ᠬᠠᠯᠠᠮᠵᠢᠯᠠᠬᠤ︾ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠲᠣᠭᠤᠷᠢᠭ ᠤᠨ ᠡᠪᠯᠡᠯ ᠤᠨ | ᠬᠤᠷᠢᠶ᠎ᠠ ᠠᠴᠠ ᠰᠦᠩᠱᠠᠨ ᠲᠣᠭᠤᠷᠢᠭ ᠤᠨ ᠲᠠᠷᠢᠶᠠᠯᠠᠩ ᠬᠤᠳᠠᠯᠳᠤᠭᠠᠨ ᠤ ᠪᠠᠩᠬᠢ ᠲᠠᠢ ᠬᠠᠮᠲᠤᠷᠠᠨ ᠥᠷᠨᠢᠭᠦᠯᠵᠦ᠂ | 4 ᠵᠢᠯ ᠤᠨ ᠬᠤᠭᠤᠴᠠᠭ᠎ᠠ ᠶᠢ ᠠᠰᠢᠭᠯᠠᠨ 400 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 200 | ᠶᠠᠳᠠᠭᠤ ᠬᠦᠴᠢᠷᠳᠡᠯᠲᠡᠶ ᠤᠶᠤᠲᠠᠳ ᠤᠨ ᠰᠤᠷᠤᠯᠭ᠎ᠠ ᠪᠠᠨ ᠲᠡᠭᠦᠰᠬᠡᠬᠦ ᠶᠢ ᠲᠤᠰᠠᠯᠠᠨ ᠳᠡᠮᠵᠢᠬᠦ ᠪᠠᠷ ᠲᠥᠯᠥᠪᠯᠡᠵᠦ ᠪᠣᠶ᠂ | ᠲᠡᠳᠬᠦᠮᠵᠢ ᠶᠢᠨ ᠮᠥᠩᠭᠦ ᠪᠠᠷ ᠲᠤᠰᠠᠯᠠᠭᠳᠠᠭᠰᠠᠨ ᠤᠶᠤᠲᠠᠳ ᠬᠥᠮᠦᠨ ᠪᠦᠷᠢ ᠵᠢᠯ ᠳᠤ 5000 ᠲᠥᠭᠦᠷᠢᠭ ᠤᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠤᠯᠬᠤ ᠪᠤᠯᠤᠨ᠎ᠠ᠃ |