ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ | ᠵᠢᠷᠭᠤᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢ ᠨᠡᠶᠢᠲᠡᠯᠡᠬᠦ ᠲᠤᠬᠠᠶ ᠮᠡᠳᠡᠭᠳᠡᠯ︾ ᠢ ᠨᠡᠶᠢᠲᠡᠯᠡᠪᠡ᠃ ᠡᠭᠦᠨ ᠤ ᠳᠣᠲᠣᠷ᠎ᠠ | ᠰᠦᠩᠱᠠᠨ ᠲᠣᠭᠤᠷᠢᠭ ᠤᠨ ᠥᠩᠭᠡᠲᠦ ᠸᠠᠭᠠᠷ ᠤᠨ ᠪᠠᠯ ᠤᠨ ᠪᠠᠭᠤᠷᠢ ᠨᠢ ᠨᠡᠷᠡᠰ ᠤᠨ ᠵᠢᠭᠰᠠᠭᠠᠯᠲᠠ ᠳᠤ ᠤᠷᠤᠭᠰᠠᠨ | ᠪᠠᠶᠢᠨ᠎ᠠ᠃ | ᠰᠦᠩᠱᠠᠨ ᠲᠣᠭᠤᠷᠢᠭ ᠤᠨ ᠥᠩᠭᠡᠲᠦ ᠸᠠᠭᠠᠷ ᠤᠨ ᠪᠠᠯ ᠤᠨ ᠪᠠᠭᠤᠷᠢ ᠨᠢ ᠠᠩᠴᠢᠨ ᠪᠠᠯᠭᠠᠰᠤᠨ ᠤ ᠾᠧ ᠡᠤ | ᠰᠦ ᠠᠶᠢᠯ ᠳᠤ ᠪᠣᠶ᠂ ᠪᠣᠳᠠᠲᠠᠶ ᠮᠠᠯᠲᠠᠵᠤ ᠭᠠᠷᠭᠠᠭᠰᠠᠨ ᠲᠠᠯᠠᠪᠠᠶ ᠨᠢ 1300 ᠭᠠᠷᠤᠶ ᠲᠡᠭᠰᠢ ᠳᠥᠷᠪᠡᠯᠵᠢᠨ ᠮᠧᠲᠷ | ᠪᠠᠶᠢᠵᠤ᠂ ᠮᠠᠯᠲᠠᠵᠤ ᠭᠠᠷᠭᠠᠭᠰᠠᠨ ᠣᠷᠣᠨ ᠢ ᠡᠮᠦᠨ᠎ᠡ ᠤᠮᠠᠷ᠎ᠠ ᠬᠤᠶᠠᠷ ᠤᠷᠤᠨ ᠬᠤᠪᠢᠶᠠᠵᠤ᠂ ᠨᠡᠶᠢᠲᠡ 22 ᠬᠡᠷ | ᠪᠠᠶᠢᠰᠢᠩ᠂ 22 ᠦᠨᠡᠰᠦᠨ ᠨᠦᠬᠡ᠂ 5 ᠵᠤᠤᠬ᠎ᠠ ᠶᠢ ᠢᠯᠡᠷᠡᠭᠦᠯᠵᠦ᠂ ᠮᠠᠯᠲᠠᠵᠤ ᠭᠠᠷᠭᠠᠭᠰᠠᠨ ᠸᠠᠭᠠᠷ ᠤᠨ ᠰᠠᠪᠠ᠂ | ᠴᠢᠯᠠᠭᠤᠨ ᠪᠠᠭᠠᠵᠢ᠂ ᠶᠠᠰᠤᠨ ᠪᠠᠭᠠᠵᠢ᠂ ᠬᠢᠰᠤᠭ᠎ᠠ ᠶᠢᠨ ᠰᠠᠪᠠ ᠵᠡᠷᠭᠡ ᠶᠢ ᠨᠡᠶᠢᠲᠡ 200 ᠭᠠᠷᠤᠶ ᠢᠯᠡᠷᠡᠭᠦᠯᠦᠭᠰᠡᠨ | ᠪᠠᠶᠢᠨ᠎ᠠ᠃ | F2᠂ F15 ᠵᠢᠴᠢ ᠯᠣᠣ ᠶᠢᠨ ᠬᠡᠯᠪᠡᠷᠢᠲᠦ ᠬᠢᠰᠤᠭ᠎ᠠ ᠶᠢᠨ ᠴᠢᠮᠡᠭᠯᠡᠯ ᠪᠣᠯ ᠥᠩᠭᠡᠲᠦ ᠸᠠᠭᠠᠷ ᠤᠨ ᠪᠠᠯ ᠤᠨ | ᠪᠠᠭᠤᠷᠢ ᠠᠴᠠ ᠣᠯᠳᠠᠭᠰᠠᠨ ᠬᠠᠮᠤᠭ ᠶᠡᠭᠡ ᠣᠯᠤᠯᠲᠠ ᠶᠤᠮ᠂ ᠯᠣᠣ ᠶᠢᠨ ᠬᠡᠯᠪᠡᠷᠢᠲᠦ ᠬᠢᠰᠤᠭ᠎ᠠ ᠶᠢᠨ ᠴᠢᠮᠡᠭᠯᠡᠯ ᠨᠢ | ᠥᠩᠭᠡᠷᠡᠭᠰᠡᠨ ᠤ ᠢᠯᠡᠷᠡᠭᠦᠯᠦᠭᠰᠡᠨ ᠬᠤᠩᠱᠠᠨ ᠰᠣᠶᠣᠯ ᠤᠨ ᠡᠪᠬᠡᠮᠡᠯ ᠬᠡᠯᠪᠡᠷᠢ ᠲᠠᠢ ᠯᠣᠣ ᠶᠢᠨ ᠳᠦᠷᠢ ᠠᠴᠠ | ᠢᠯᠭᠠᠭᠳᠠᠬᠤ ᠪᠥᠭᠡᠳ ᠣᠳᠣ ᠪᠣᠯᠲᠠᠯᠠᠬᠢ ᠬᠤᠩᠱᠠᠨ ᠰᠣᠶᠣᠯ ᠤᠨ ᠢᠯᠡᠷᠡᠭᠦᠯᠦᠭᠰᠡᠨ ᠬᠠᠮᠤᠭ ᠡᠷᠲᠡᠨ ᠤ ᠯᠣᠣ ᠪᠠᠶᠢᠵᠤ | ᠂ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠡᠷᠳᠡᠮ ᠰᠢᠨᠵᠢᠯᠡᠭᠡᠨ ᠤ ᠬᠢᠨ ᠤ ᠥᠷᠭᠡᠨ ᠳᠡᠯᠭᠡᠷ ᠶᠠᠷᠢᠯᠴᠠᠭ᠎ᠠ ᠶᠢ | ᠡᠭᠦᠰᠭᠡᠭᠰᠡᠨ ᠪᠠᠶᠢᠨ᠎ᠠ᠃ F2 ᠣᠷᠣᠨ ᠰᠠᠭᠤᠴᠠ ᠨᠢ ᠡᠮᠦᠨ᠎ᠡ᠂ ᠤᠮᠠᠷ᠎ᠠ ᠬᠤᠶᠠᠷ ᠦᠷᠦᠭᠡ ᠪᠠᠷ ᠪᠦᠷᠢᠯᠳᠦᠵᠦ᠂ | ᠬᠤᠶᠢᠲᠤ ᠦᠷᠦᠭᠡ ᠶᠢᠨ ᠪᠠᠷᠠᠭᠤᠨ ᠬᠡᠷᠡᠮ ᠠᠴᠠ ᠵᠡᠭᠦᠨᠰᠢ 1.9 ᠮᠧᠲᠷ ᠤᠨ ᠤᠷᠳᠤ ᠳᠥᠷᠪᠡᠯᠵᠢᠨ ᠣᠷᠣᠨ | ᠳᠣᠲᠣᠷ᠎ᠠ ᠠᠴᠠ ᠵᠢᠮ᠎ᠡ ᠶᠣᠰᠣ ᠪᠠᠷ ᠵᠢᠭᠰᠠᠭᠠᠭᠰᠠᠨ ᠨᠡᠭᠦᠷᠡᠰᠦᠲᠥ᠋ᠷᠥᠭᠴᠢᠲᠦ ᠬᠥᠨᠳᠡᠯᠡᠨ ᠮᠣᠳᠣᠨ ᠤ ᠦᠯᠡᠳᠡᠭᠳᠡᠯ ᠢ | ᠢᠯᠡᠷᠡᠭᠦᠯᠵᠡᠶ᠂ ᠲᠤᠰ ᠣᠷᠣᠨ ᠰᠠᠭᠤᠴᠠ ᠶᠢᠨ ᠲᠠᠯᠠᠪᠠᠢ ᠨᠢ ᠶᠡᠭᠡ᠂ ᠣᠷᠣᠨ ᠰᠠᠭᠤᠴᠠ ᠶᠢᠨ ᠬᠡᠯᠪᠡᠷᠢ ᠨᠢ | ᠣᠨᠴᠠᠭᠠᠶᠢᠯᠠᠨ ᠬᠤᠩᠱᠠᠨ ᠤ ᠰᠣᠶᠣᠯ ᠤᠨ ᠣᠷᠣᠨ ᠰᠠᠭᠤᠴᠠ ᠶᠢᠨ ᠬᠡᠯᠪᠡᠷᠢ᠂ ᠴᠢᠳᠠᠮᠵᠢ ᠶᠢᠨ ᠬᠤᠪᠢᠶᠠᠷᠢ ᠣᠷᠣᠨ | ᠵᠢᠴᠢ ᠨᠡᠶᠢᠭᠡᠮ ᠤᠨ ᠬᠡᠯᠪᠡᠷᠢ ᠪᠠᠶᠢᠳᠠᠯ ᠤᠨ ᠬᠤᠪᠢᠷᠠᠯᠲᠠ ᠶᠢ ᠰᠤᠳᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ F15 ᠪᠣᠯ ᠨᠢᠭᠡᠨ ᠬᠤᠩᠱᠠᠨ ᠰᠣᠶᠣᠯ ᠤᠨ ᠳᠤᠮᠳᠠ ᠬᠡᠯᠪᠡᠷᠢ ᠶᠢᠨ ᠣᠷᠣᠨ ᠰᠠᠭᠤᠴᠠ ᠪᠠᠶᠢᠵᠤ᠂ ᠰᠢᠪᠠᠷ | ᠬᠡᠷᠡᠮ᠂ ᠣᠷᠣᠨ ᠰᠠᠭᠤᠴᠠ ᠶᠢᠨ ᠭᠠᠳᠠᠷᠭᠤ ᠵᠢᠴᠢ ᠬᠡᠲᠦ ᠲᠣᠮᠣ ᠬᠡᠯᠪᠡᠷᠢ ᠶᠢᠨ ᠰᠢᠬᠦᠷ ᠬᠡᠯᠪᠡᠷᠢᠲᠦ ᠵᠤᠤᠬ᠎ᠠ ᠶᠢ | ᠬᠠᠳᠠᠭᠠᠯᠠᠵᠤ ᠪᠣᠶ᠃ |