ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ | ᠬᠦᠴᠦᠷᠬᠡᠭᠵᠢᠭᠦᠯᠦᠨ ᠴᠤᠤᠷᠢᠶᠠᠲᠤᠭᠤᠯᠬᠤ ᠪᠠᠷ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠰᠢᠨ᠎ᠡ ᠬᠥᠳᠡᠯᠭᠡᠬᠦ ᠬᠦᠴᠦᠨ ᠪᠣᠯᠭᠠᠵᠤ᠂ ᠠᠵᠤ ᠠᠬᠤᠶᠢᠯᠠᠯ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ | ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠪᠠ ᠡᠳ᠋ᠰᠢᠭᠦᠯᠬᠦ ᠭᠤᠭᠴᠤᠭ᠎ᠠ ᠶᠢ ᠰᠢᠨ᠎ᠡ ᠬᠡᠯᠪᠡᠷᠢ ᠶᠢᠨ᠂ | ᠥᠨᠳᠥᠷ ᠪᠦᠲᠦᠮᠵᠢᠲᠡᠢ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠴᠢᠭᠯᠡᠯ ᠲᠡᠰᠢ ᠬᠥᠭᠵᠢᠭᠦᠯᠵᠦ | ᠂ ᠠᠮᠤᠷ ᠲᠦᠪᠰᠢᠨ᠂ ᠪᠣᠬᠢᠷᠲᠤᠯ ᠦᠭᠡᠢ᠂ ᠡᠷᠡᠭᠦᠯ ᠰᠠᠷᠠᠭᠤᠯ ᠪᠦᠲᠦᠭᠡᠭᠳᠡᠬᠦᠨ ᠢ ᠡᠭᠦᠳᠴᠦ᠂ ᠲᠠᠷᠢᠶᠠᠯᠠᠩ ᠤᠨ | ᠪᠦᠲᠦᠭᠡᠭᠳᠡᠬᠦᠨ ᠤ ᠲᠦᠷᠦᠯ ᠲᠡᠮᠳᠡᠭ ᠢ ᠪᠤᠶᠢᠵᠢᠭᠤᠯᠬᠤ ᠪᠠ ᠬᠥᠭᠵᠢᠭᠦᠯᠬᠦ ᠳᠤ ᠰᠠᠭᠤᠷᠢ ᠶᠢ ᠪᠠᠬᠢᠵᠢᠭᠦᠯᠪᠡ᠃ | ᠤᠯᠠᠭᠠᠨᠬᠠᠳᠠ ᠬᠤᠲᠠ ᠶᠢᠨ ᠣᠨᠴᠠᠯᠢᠭᠲᠤ ᠢᠳᠡᠭᠡᠨ ᠪᠣᠯᠤᠭᠰᠠᠨ ᠤ ᠬᠤᠪᠢ ᠳᠤ᠂ ᠤᠯᠠᠭᠠᠨᠬᠠᠳᠠ ᠶᠢᠨ | ᠬᠠᠪᠴᠢᠮᠠᠯ ᠪᠤᠤᠪᠤ ᠨᠢ ︽ᠨᠤᠲᠤᠭ ᠤᠨ ᠦᠨᠦᠷ ᠠᠮᠲᠠ︾ ᠶᠢᠨ ᠲᠥᠯᠥᠭᠡᠯᠡᠭᠴᠢ ᠪᠣᠯᠬᠤ ᠪᠠᠷ ᠪᠠᠷᠠᠬᠤ ᠦᠭᠡᠢ᠂ ᠨᠡᠩ | ᠴᠤ ᠣᠷᠣᠨ ᠪᠦᠰᠡ ᠶᠢᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠳᠤ ᠥᠪᠡᠷᠮᠢᠴᠡ ᠣᠨᠴᠠᠯᠢᠭ ᠲᠠᠢ | ᠪᠠᠶᠢᠳᠠᠭ᠃ ᠰᠦᠩᠱᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ | ᠲᠠᠯ᠎ᠠ ᠨᠤᠲᠤᠭ ᠤᠨ ᠬᠠᠨ ᠲᠠᠩ ᠢᠳᠡᠭᠡᠨ ᠤ ᠬᠢᠵᠠᠭᠠᠷᠲᠤ ᠺᠣᠮᠫᠠᠨᠢ 6000 ᠲᠡᠭᠰᠢ ᠳᠥᠷᠪᠡᠯᠵᠢᠨ ᠮᠧᠲᠷ ᠤᠨ | ᠤᠯᠠᠭᠠᠨᠬᠠᠳᠠ ᠶᠢᠨ ᠬᠠᠪᠴᠢᠮᠠᠯ ᠪᠤᠤᠪᠤ ᠶᠢᠨ ᠲᠤᠰᠬᠠᠶ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠪᠣᠯᠤᠨ ᠪᠠᠺᠲ᠋ᠧᠷᠢ | ᠦᠭᠡᠶ ᠤᠷᠤᠰᠤᠯ ᠱᠤᠭᠤᠮ ᠤᠨ ᠦᠢᠯᠡᠳᠪᠦᠷᠢᠯᠡᠯ ᠤᠨ ᠲᠠᠰᠤᠭ ᠢ ᠪᠠᠶᠢᠭᠤᠯᠤᠭᠰᠠᠨ ᠪᠥᠭᠡᠳ ᠠᠰᠢᠭᠯᠠᠯᠲᠠ ᠳᠤ | ᠣᠷᠣᠭᠤᠯᠵᠤ᠂ ᠺᠣᠮᠫᠠᠨᠢ ᠶᠢᠨ ᠡᠳᠦᠷ ᠤᠨ ᠭᠠᠷᠤᠯᠲᠠ 10 ᠲᠦᠮᠡ᠂ ᠤᠲᠤᠮᠠᠯ ᠮᠢᠬᠠᠨ ᠤ ᠪᠦᠲᠦᠭᠡᠭᠳᠡᠬᠦᠨ 3 ᠲᠣᠨ | ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠪᠡ᠃ ᠪᠣᠳᠠᠲᠤ ᠴᠣᠭᠴᠠ ᠶᠢᠨ ᠳᠡᠯᠭᠡᠭᠦᠷ ᠲᠤ | ᠪᠣᠷᠣᠯᠠᠭᠤᠯᠤᠭᠳᠠᠬᠤ ᠠᠴᠠ ᠭᠠᠳᠠᠨ᠎ᠠ᠂ ᠡᠲᠡᠭᠡᠷ ᠬᠠᠪᠴᠢᠮᠠᠯ ᠪᠤᠤᠪᠤ ᠪᠠᠰᠠ ᠰᠦᠯᠵᠢᠶᠡᠨ ᠳᠡᠭᠡᠷ᠎ᠡ ᠪᠥᠬᠦ ᠤᠯᠤᠰ ᠤᠨ | ᠡᠯ᠎ᠡ ᠭᠠᠵᠠᠷ ᠲᠤ ᠪᠤᠷᠤᠯᠠᠭᠤᠯᠤᠭᠳᠠᠨᠠ᠃ | 2023 ᠣᠨ ᠳᠤ᠂ ᠰᠦᠩᠱᠠᠨ ᠲᠣᠭᠤᠷᠢᠭ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ | ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ | ᠴᠢᠳᠠᠪᠤᠷᠢ ᠶᠢ ᠴᠢᠩᠭᠠᠷᠠᠭᠤᠯᠪᠠ᠃ ᠣᠲᠣ ᠪᠣᠯᠲᠠᠯ᠎ᠠ᠂ ᠪᠥᠬᠦ ᠲᠣᠭᠤᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠨᠢ | 500 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ | ᠬᠥᠲᠥᠴᠢ ᠠᠵᠤ ᠠᠬᠤᠶᠢᠯᠠᠯ 69 ᠪᠠᠶᠢᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ | ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ 24 ᠪᠠᠶᠢᠵᠤ᠂ ᠬᠤᠲᠠ ᠶᠢᠨ | ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ | ᠬᠤᠯᠪᠣᠭᠠᠲᠤ ᠴᠣᠭᠴᠠ 5 ᠪᠠᠶᠢᠵᠤ᠂ 8 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠨ ᠲᠣᠭᠲᠠᠭᠤᠨ ᠢᠶᠠᠷ ᠠᠵᠢᠯ | ᠣᠯᠭᠤᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ | 75% ᠳᠤ ᠬᠦᠷᠦᠭᠦᠯᠬᠦ ᠶᠢ ᠠᠬᠢᠭᠤᠯᠪᠠ᠃ ᠢᠳᠡᠰᠢᠨ ᠨᠣᠭᠤᠭ᠎ᠠ᠂ ᠵᠢᠮᠢᠰ᠂ ᠲᠥᠮᠥᠰᠥ᠂ ᠬᠢᠲᠠᠳ ᠡᠮ ᠤᠨ | ᠮᠠᠲ᠋ᠧᠷᠢᠶᠠᠯ ᠵᠡᠷᠭᠡ ᠲᠥᠷᠥᠯ ᠵᠦᠢᠯ ᠤᠨ ᠲᠣᠭᠤᠷᠢᠨ ᠳᠤ᠂ ᠰᠦᠩᠱᠠᠨ ᠲᠣᠭᠤᠷᠢᠭ ᠨᠢ ︽ᠴᠦᠨ ᡁᠢ︾ ᠢᠳᠡᠰᠢᠨ | ᠨᠣᠭᠤᠭ᠎ᠠ᠂ ︽ᠰᠢᠶᠣᠤ ᠮᠢᠶᠤᠤ ᠽᠢ ᠲᠣᠰᠬᠤᠨ︾ ᠤ ᠬᠢᠲᠠᠳ ᠡᠮ ᠤᠨ ᠮᠠᠲ᠋ᠧᠷᠢᠶᠠᠯ᠂ ︽ᠲᠩᠷᠢ ᠶᠢᠨ ᠴᠢᠷᠠᠢ ᠶᠢ | ᠲᠦᠰᠢᠭᠯᠡᠵᠦ ᠬᠤᠷᠢᠶᠠᠬᠤ︾ ︽ᠬᠠᠭᠤᠴᠢᠨ ᠠᠭᠤᠯᠠᠷᠬᠠᠭ ᠤᠷᠤᠨ︾ ︽ᠰᠢᠨ ᠭᠦ᠋ ᠰᠢᠶᠠᠩ︾ ︽ᠳᠣᠬᠢᠭᠤᠷ | ᠳᠣᠯᠣᠭᠠᠨ ᠣᠳᠣ︾ ︽ᠵᠢᠶᠦ᠋ᠨ ᠯᠢ ᠹᠧᠩ︾ ᠨᠠᠷᠢᠮᠤ ᠡᠯᠳᠡᠪ ᠠᠮᠤ ᠡᠯᠳᠡᠪ ᠪᠤᠷᠴᠠᠭ ᠵᠡᠷᠭᠡ ᠨᠢᠭᠡ ᠪᠦᠯᠦᠭ | ᠨᠡᠯᠢᠶᠡᠳ ᠴᠢᠩᠭ᠎ᠠ ᠥᠷᠢᠰᠥᠯᠳᠦᠬᠦ ᠬᠦᠴᠦᠨ ᠲᠠᠢ ᠣᠷᠣᠨ ᠪᠦᠰᠡ ᠶᠢᠨ ᠴᠢᠨᠠᠷᠲᠠᠶ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠨ ᠬᠦᠭᠵᠢᠭᠦᠯᠪᠡ᠃ | ᠣᠲᠣ ᠪᠣᠯᠲᠠᠯ᠎ᠠ᠂ ᠰᠦᠩᠱᠠᠨ ᠲᠣᠭᠤᠷᠢᠭ ᠲᠠᠷᠢᠶᠠᠯᠠᠩ ᠤᠨ ᠪᠦᠲᠦᠭᠡᠭᠳᠡᠬᠦᠨ ᠢ 49 ᠭᠡᠷᠡᠴᠢᠯᠡᠵᠦ᠂ | ᠡᠭᠦᠨ ᠳᠤ ᠪᠣᠬᠢᠷᠲᠤᠯ ᠥᠬᠡᠶ ᠢᠳᠡᠭᠡᠨ ᠤ ᠭᠡᠷᠡᠴᠢᠯᠡᠯ 39᠂ ᠭᠠᠵᠠᠷ ᠵᠦᠶ ᠶᠢᠨ ᠢᠯᠭᠠᠬᠤ ᠲᠡᠮᠳᠡᠭ ᠤᠨ | ᠲᠠᠷᠢᠶᠠᠯᠠᠩ ᠤᠨ ᠪᠦᠲᠦᠭᠡᠭᠳᠡᠬᠦᠨ 1 ︵ᠰᠢᠶᠠ ᠵᠢᠶᠠ ᠳ᠋ᠢᠶᠠᠨ ᠨᠠᠷᠢᠮᠤ︶᠂ ᠨᠠᠷᠠᠲᠤ ᠣᠨᠴᠠ ᠰᠢᠯᠢᠳᠡᠭ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ 9 ᠪᠣᠶ᠃ ︽ᠮᠧᠩ ᠧᠨ ᠲᠠᠢ︾ ᠰᠢᠬᠢᠷᠯᠢᠭ ᠰᠢᠯᠦᠬᠡᠢ ᠡᠷᠳᠡᠨᠢ ᠰᠢᠰᠢ᠂ ︽ | ᠲᠠᠶᠢᠪᠤᠩ ᠴᠠᠰᠤ︾ ᠴᠠᠭᠠᠨ ᠰᠢᠬᠢᠷ᠂ ︽ᠮᠧᠩ ᠰᠧᠨ︾ ᠴᠠᠷᠳᠠᠭᠤᠯ᠂ ︽ᠪᠦᠦ ᠯᠦᠩ ᠱᠠᠨ︾ ᠬᠠᠷ᠎ᠠ ᠠᠷᠢᠬᠢ | ᠵᠡᠷᠭᠡ ᠨᠢᠭᠡ ᠪᠦᠯᠦᠭ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠨᠠᠷᠠᠲᠤ ᠲᠡᠮᠳᠡᠭ ᠨᠢ ᠰᠦᠩᠱᠠᠨ ᠤ ᠡᠬᠡ ᠭᠠᠵᠠᠷ ᠲᠤ ᠪᠠᠳᠠᠷᠠᠨ ᠳᠡᠯᠭᠡᠷᠡᠵᠦ᠂ ︽ᠵᠢᠶᠠᠩ ᠵᠢᠶᠠ | ᠡᠭᠡᠴᠢ ᠳᠡᠭᠦᠦ︾ ᠮᠠᠨᠵᠢᠨ᠂ ︽ᠰᠢᠶᠠᠩ ᠹᠧᠩ︾ ᠰᠢᠷ᠎ᠠ ᠨᠠᠷᠢᠮᠤ᠂ ︽ᠲᠠᠪᠤᠨ ᠥᠩᠭᠡ︾ ᠰᠢᠬᠢᠷᠯᠢᠭ ᠰᠢᠯᠦᠬᠡᠢ | ᠡᠷᠳᠡᠨᠢ ᠰᠢᠰᠢ ᠵᠡᠷᠭᠡ ᠪᠦᠲᠦᠭᠡᠭᠳᠡᠬᠦᠨ ᠨᠢ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ | ᠠᠯᠲᠠᠨ ᠱᠠᠩᠨᠠᠯ ᠢ ᠬᠦᠷᠲᠡᠪᠡ᠃ ᠡᠭᠦᠨ ᠤ ᠬᠠᠮᠲᠤ᠂ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠰᠦᠩᠱᠠᠨ ᠲᠣᠭᠤᠷᠢᠭ ᠤᠬᠠᠭᠤᠯᠤᠨ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ︽ᠤᠯᠠᠭᠠᠨᠬᠠᠳᠠ ᠶᠢᠨ ᠰᠠᠶᠢᠨ ᠪᠣᠳᠠᠰ ᠢ ᠪᠡᠭᠡᠵᠢᠩ ᠳᠤ ᠣᠷᠣᠭᠤᠯᠬᠤ | ︾ ᠠᠵᠢᠯᠯᠠᠭ᠎ᠠ ᠳᠤ ᠣᠷᠣᠯᠴᠠᠬᠤ᠂ ︽ᠰᠦᠩᠱᠠᠨ ᠤ ᠰᠢᠯᠢᠳᠡᠭ ᠰᠣᠩᠭᠤᠯᠲᠠ︾ ᠶᠢᠨ ᠲᠠᠷᠢᠶᠠᠯᠠᠩ ᠢ ᠲᠤᠰᠠᠯᠠᠬᠤ | ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠶᠢ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠰᠦᠩᠱᠠᠨ ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷ ᠲᠤ ᠨᠠᠩ | ᠥᠨᠳᠥᠷ ᠠᠩᠬᠠᠷᠤᠯ ᠲᠠᠯᠪᠢᠵᠤ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠬᠦ ᠶᠢ ᠠᠬᠢᠭᠤᠯᠪᠠ᠃ |