2024 ᠣᠨ ᠤ ᠴᠠᠭᠠᠨ ᠰᠠᠷ᠎ᠠ ᠶᠢᠨ ᠪᠥᠬᠦ ᠲᠤᠭᠤᠷᠢᠭ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠠᠶᠤᠯᠭᠦᠶ ᠦᠢᠯᠡᠳᠪᠦᠷᠢᠯᠡᠯ ᠵᠢᠴᠢ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ 2024 ᠣᠨ ᠤ ᠴᠠᠭᠠᠨ ᠰᠠᠷ᠎ᠠ ᠶᠢᠨ ᠪᠥᠬᠦ ᠲᠤᠭᠤᠷᠢᠭ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠠᠶᠤᠯᠭᠦᠶ ᠦᠢᠯᠡᠳᠪᠦᠷᠢᠯᠡᠯ ᠵᠢᠴᠢ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠴᠧᠨ ᠶᠠᠨ ᠶᠦᠩ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠶᠢ ᠳᠤᠪᠤᠶᠢᠯᠭᠠᠵᠤ᠂ ᠬᠠᠷᠠᠯᠲᠠ ᠪᠠᠨ ᠲᠣᠳᠣᠷᠬᠠᠶᠢᠯᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠬᠦ ᠬᠡᠷᠡᠭᠲᠡᠢ᠂ ᠬᠠᠷᠢᠶ᠎ᠠ ᠭᠠᠵᠠᠷ ᠤᠨ ᠰᠢᠶᠠᠩ ᠪᠠᠯᠭᠠᠰᠤ ᠪᠣᠯᠤᠨ ᠵᠠᠰᠠᠭ ᠵᠠᠬᠢᠷᠭᠠᠨ ᠤ ᠲᠣᠰᠬᠤᠨ ᠤ ᠬᠢᠨ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠭᠡᠮ ᠰᠣᠭᠤᠭ ᠢ ᠲᠦᠢᠯᠪᠤᠷᠢᠲᠠᠢ ᠠᠷᠢᠯᠭᠠᠵᠤ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠬ᠎ᠠ ᠳᠡᠯᠭᠡᠭᠦᠷ ᠤᠨ ᠵᠠᠰᠠᠯᠲᠠ ᠶᠢᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠬᠦᠴᠦᠨ ᠢᠶᠠᠨ ᠨᠢᠭᠲᠠᠷᠠᠭᠤᠯᠤᠨ᠂ ᠬᠠᠷᠢᠯᠴᠠᠨ ᠬᠠᠮᠵᠢᠯᠴᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠮᠠᠨ ᠤ ᠲᠤᠭᠤᠷᠢᠭ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠪᠠᠶᠢᠩᠭᠤ ᠶᠢᠨ ᠵᠠᠰᠠᠯᠲᠠ᠂ ᠪᠥᠬᠦ ᠲᠠᠯ᠎ᠠ ᠪᠠᠷ ᠵᠢᠷᠤᠮᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠳᠡᠭᠡᠷ᠎ᠡ᠂ ᠬᠡᠰᠡᠭ ᠰᠢᠶᠠᠩ ᠪᠠᠯᠭᠠᠰᠤ ᠠᠴᠠ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠵᠢᠴᠢ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠪᠠᠨ ᠬᠠᠷᠢᠭᠤ ᠮᠡᠳᠡᠭᠦᠯᠪᠡ︔ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠭᠰᠡᠨ ᠪᠥᠭᠡᠳ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号