ᠰᠦᠩᠱᠠᠨ ᠲᠣᠭᠣᠷᠢᠭ  ᠤᠨ ᠨᠡᠶᠢᠭᠡᠮ ᠲᠣᠭᠣᠷᠢᠭ ᠤᠨ  ᠪᠢᠴᠢᠯ ᠰᠠᠭᠤᠷᠢ ᠮᠥᠩᠭᠥ ᠵᠢᠩᠬᠢᠨᠢ ᠪᠡᠷ ᠡᠬᠢᠯᠡᠪᠡ
ᠨᠡᠶᠢᠲᠡᠯᠡᠭᠰᠡᠨ ᠴᠠᠭ᠄
2024/1/17
     1 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠲᠤ ︽ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ ᠨᠢᠭᠦᠯᠡᠰᠦᠩᠭᠦᠶ ᠶᠢᠨ ᠡᠬᠢ ᠪᠠᠶᠠᠯᠢᠭ ᠬᠤᠯᠪᠣᠭᠠᠯᠠᠨ ᠬᠦᠳᠡᠯᠦᠯᠴᠡᠵᠦ ᠨᠢᠭᠦᠯᠡᠰᠦᠩᠭᠦᠶ ᠶᠢᠨ ᠦᠢᠯᠡᠰ ᠲᠤ ᠭᠠᠷ ᠬᠤᠯᠪᠤᠭᠠᠯᠴᠠᠨ ᠰᠦᠩᠱᠠᠨ ᠢ ᠴᠣᠭᠴᠠᠯᠠᠶ᠎ᠠ︾ ᠨᠡᠶᠢᠭᠡᠮ ᠲᠣᠭᠤᠷᠢᠭ ᠤᠨ ᠪᠢᠴᠢᠯ ᠰᠠᠭᠤᠷᠢ ᠮᠥᠩᠭᠦ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠰᠢᠤᠸᠠᠢ ᠴᠢᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠩ ᠳ᠋ᠡ ᠹᠦ᠋ ᠶᠣᠰᠣᠯᠠᠯ ᠳᠤ ᠣᠷᠣᠯᠴᠠᠪᠠ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ᠂ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠢᠨ ᠲᠤᠰ ᠤᠳᠠᠭ᠎ᠠ ᠶᠢᠨ ᠨᠡᠶᠢᠭᠡᠮ ᠲᠣᠭᠤᠷᠢᠭ ᠤᠨ ᠪᠢᠴᠢᠯ ᠰᠠᠭᠤᠷᠢ ᠮᠥᠩᠭᠦ ᠶᠢ ᠡᠬᠢᠯᠡᠭᠦᠯᠬᠦ ᠪᠠᠷ ᠠᠵᠠ ᠲᠣᠬᠢᠶᠠᠯ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠲᠣᠭᠲᠠᠴᠠ ᠶᠢ ᠪᠦᠷᠢᠨᠰᠢᠬᠦᠯᠵᠦ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠤᠢᠢᠯᠠᠭᠠᠭᠳᠠᠬᠤᠨ ᠢ ᠪᠤᠢ ᠪᠣᠯᠭᠠᠵᠤ᠂ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ ᠨᠢᠭᠦᠯᠡᠰᠦᠩᠭᠦᠶ ᠶᠢᠨ ᠡᠬᠢ ᠪᠠᠶᠠᠯᠢᠭ ᠬᠤᠯᠪᠣᠭᠠᠯᠠᠨ ᠬᠦᠳᠡᠯᠦᠯᠴᠡᠬᠦ ᠬᠠᠮᠲᠤᠷᠠᠯᠴᠠᠭᠰᠠᠨ ᠦᠢᠯᠡᠳᠦᠯᠭᠡ ᠶᠢ ᠴᠢᠩᠭᠠᠳᠬᠠᠵᠤ᠂ ᠰᠦᠩᠱᠠᠨ ᠲᠣᠭᠤᠷᠢᠭ ᠤᠨ ︽ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠷᠢᠭᠤᠴᠠᠬᠤ᠂ ᠬᠥᠮᠦᠨ ᠪᠦᠬᠦᠨ ᠬᠤᠪᠢ ᠨᠡᠮᠡᠷᠢ ᠦᠵᠡᠭᠦᠯᠬᠦ᠂ ᠬᠥᠮᠦᠨ ᠪᠦᠬᠦᠨ ᠬᠠᠮᠲᠤᠪᠠᠷ ᠡᠳ᠋ᠯᠡᠬᠦ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠬᠦᠴᠦ ᠪᠠᠨ ᠬᠠᠮᠲᠤᠳᠬᠠᠨ ᠪᠠᠶᠢᠭᠤᠯᠬᠤ ᠬᠡᠷᠡᠭᠲᠡᠢ᠃      ᠣᠶᠢᠯᠠᠭᠠᠭᠰᠠᠨ ᠢᠶᠠᠷ᠂ ᠰᠦᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠪᠢᠴᠢᠯ ᠰᠠᠭᠤᠷᠢ ᠮᠥᠩᠭᠦ ᠶᠢ ᠪᠥᠬᠦ ᠲᠣᠭᠤᠷᠢᠭ ᠤᠨ 8 ᠵᠡᠭᠡᠯᠢ ᠭᠤᠳᠤᠮᠵᠢ ᠶᠢᠨ 40 ᠨᠡᠶᠢᠭᠡᠮ ᠲᠣᠭᠤᠷᠢᠭ ᠲᠤ ᠲᠤᠷᠰᠢᠨ ᠪᠠᠶᠢᠭᠤᠯᠵᠤ᠂ ᠨᠢᠭᠦᠯᠡᠰᠦᠩᠭᠦᠶ ᠶᠢᠨ ᠪᠠᠯᠠ ᠮᠥᠩᠭᠦ ᠶᠢ ᠨᠡᠶᠢᠲᠡ 15.45 ᠲᠦᠮᠡᠨ ᠲᠥᠭᠦᠷᠢᠭ ᠴᠤᠭᠯᠠᠭᠤᠯᠵᠤ᠂ ᠪᠣᠳᠠᠲᠤ ᠪᠣᠳᠠᠰ ᠤᠨ ᠬᠠᠨᠳᠢᠪᠯᠠᠯ ᠢ ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ 1.05 ᠲᠦᠮᠡᠨ ᠲᠥᠭᠦᠷᠢᠭ ᠪᠣᠯᠤᠨ᠎ᠠ᠃ ᠪᠣᠶ ᠪᠥᠬᠦᠶ ᠨᠢᠭᠦᠯᠡᠰᠦᠩᠭᠦᠶ ᠶᠢᠨ ᠮᠥᠩᠭᠦ ᠶᠢ ᠴᠥᠮ ᠬᠠᠷᠠᠭᠠᠯᠵᠠᠭᠰᠠᠨ ᠨᠡᠶᠢᠭᠡᠮ ᠲᠣᠭᠤᠷᠢᠭ ᠤᠨ ᠵᠢᠭᠠᠨ ᠲᠣᠭᠲᠠᠭᠠᠭᠰᠠᠨ ᠰᠠᠭᠤᠷᠢ ᠮᠥᠩᠭᠦᠨ ᠤ ᠲᠠᠩᠰᠠᠨ ᠡᠷᠦᠬᠡ ᠳᠤ ᠭᠤᠪᠢᠭᠤᠯᠤᠨ ᠣᠷᠣᠭᠤᠯᠬᠤ ᠶᠢᠨ ᠬᠠᠮᠲᠤ ᠡᠯ᠎ᠡ ᠨᠡᠶᠢᠭᠡᠮ ᠲᠣᠭᠤᠷᠢᠭ ᠤᠨ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠵᠦᠢᠯᠡᠰ ᠲᠤ ᠬᠡᠷᠡᠭᠯᠡᠵᠦ᠂ ᠭᠤᠤᠯᠳᠠᠭᠤ ᠬᠠᠭᠤᠴᠢᠨ ᠵᠢᠵᠢᠭ ᠲᠣᠭᠤᠷᠢᠭ ᠢ ᠰᠡᠯᠪᠢᠨ ᠵᠠᠰᠠᠬᠤ᠂ ᠨᠠᠰᠤᠲᠠᠨ ᠢ ᠠᠰᠠᠷᠠᠵᠤ ᠬᠡᠤᠬᠡᠳ ᠰᠠᠭᠠᠲᠠᠭᠤᠯᠬᠤ᠂ ᠵᠡᠮᠳᠡᠭᠴᠦᠳ ᠢ ᠬᠠᠪᠰᠤᠷᠤᠨ ᠬᠦᠴᠢᠷᠳᠡᠯᠲᠡᠶ ᠶᠢ ᠲᠤᠰᠠᠯᠠᠬᠤ ᠵᠡᠷᠭᠡ ᠰᠠᠭᠤᠭᠠᠯᠢ ᠠᠷᠠᠳ ᠤᠨ ᠪᠠᠴᠢᠮ ᠬᠦᠴᠢᠷᠲᠡᠶ ᠵᠣᠪᠠᠵᠤ ᠪᠠᠶᠢᠭ᠎ᠠ ᠠᠰᠠᠭᠤᠳᠠᠯ ᠳᠤ ᠲᠥᠪᠯᠡᠷᠡᠭᠦᠯᠦᠨ᠎ᠡ᠃ ᠡᠯ᠎ᠡ ᠲᠤᠷᠰᠢᠯᠲᠠ ᠶᠢᠨ ᠴᠢᠭ ᠤᠨ ᠨᠡᠶᠢᠭᠡᠮ ᠲᠣᠭᠤᠷᠢᠭ ᠨᠢ ᠤᠯᠠᠭᠠᠨᠬᠠᠳᠠ ᠬᠤᠲᠠ ᠶᠢᠨ ᠬᠤᠩ ᠱᠠᠨ ᠨᠡᠶᠢᠭᠡᠮ ᠲᠣᠭᠤᠷᠢᠭ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨᠠᠯᠲᠠ ᠬᠠᠮᠢᠶᠠᠷᠤᠯᠲᠠ ᠳᠣᠤᠷ᠎ᠠ᠂ ᠨᠡᠶᠢᠭᠡᠮ ᠲᠣᠭᠤᠷᠢᠭ ᠤᠨ ᠪᠢᠴᠢᠯ ᠰᠠᠭᠤᠷᠢ ᠮᠥᠩᠭᠦ ᠶᠢ ᠴᠢᠳᠠᠮᠠᠭᠠᠶ ᠬᠡᠷᠡᠭᠯᠡᠵᠦ᠂ ᠴᠢᠳᠠᠮᠠᠭᠠᠶ ᠬᠠᠮᠢᠶᠠᠷᠴᠤ᠂ ᠴᠢᠳᠠᠮᠠᠭᠠᠶ ᠴᠤᠭᠯᠠᠭᠤᠯᠵᠤ᠂ ᠨᠡᠶᠢᠭᠡᠮ ᠲᠣᠭᠤᠷᠢᠭ ᠤᠨ ᠪᠢᠴᠢᠯ ᠰᠠᠭᠤᠷᠢ ᠮᠥᠩᠭᠦ ᠶᠢᠨ ︽ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ︾ ᠵᠠᠩᠭᠢᠯᠠᠭ᠎ᠠ ᠶᠢᠨ ᠴᠢᠳᠠᠮᠵᠢ ᠶᠢ ᠦᠨᠡᠨᠬᠦ ᠪᠠᠳᠠᠷᠠᠭᠤᠯᠤᠨ᠎ᠠ᠃      ᠶᠣᠰᠣᠯᠠᠯ ᠤᠨ ᠲᠤᠬᠠᠢ ᠶᠢᠨ ᠲᠠᠯᠠᠪᠠᠢ ᠳᠤ 40 ᠲᠤᠷᠰᠢᠯᠲᠠ ᠶᠢᠨ ᠴᠢᠭ ᠤᠨ ᠨᠡᠶᠢᠭᠡᠮ ᠲᠣᠭᠤᠷᠢᠭ ᠵᠢᠴᠢ ᠨᠡᠶᠢᠭᠡᠮ ᠲᠣᠭᠤᠷᠢᠭ ᠤᠨ ᠪᠢᠴᠢᠯ ᠰᠠᠭᠤᠷᠢ ᠮᠥᠩᠭᠦ ᠳᠤ ᠨᠢᠭᠦᠯᠡᠰᠦᠩᠭᠦᠢ ᠶᠢᠨ ᠮᠥᠩᠭᠦ ᠬᠠᠨᠳᠢᠪᠯᠠᠭᠰᠠᠨ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠂ ᠲᠣᠭᠤᠷᠢᠭ ᠲᠤ ᠰᠠᠭᠤᠭ᠎ᠠ ᠨᠢᠭᠡᠴᠡ᠂ ᠲᠣᠭᠤᠷᠢᠭ ᠲᠤ ᠰᠠᠭᠤᠭ᠎ᠠ ᠵᠣᠬᠢᠶᠠᠨ ᠪᠠᠶᠢᠭᠤᠯᠤᠯᠲᠠ ᠪᠣᠯᠤᠨ ᠬᠠᠶᠢᠷ᠎ᠠ ᠬᠠᠯᠠᠮᠵᠢ ᠶᠢᠨ ᠬᠥᠮᠦᠰ ᠲᠤ ᠫᠠᠶᠢᠰᠠ ᠤᠯᠭᠤᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号