ᠵᠦᠩ ᠴᠢᠩ ᠰᠦᠩ 2024 ᠣᠨ ᠤ ᠲᠣᠭᠤᠷᠢᠭ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/17
     1 ᠰᠠᠷ᠎ᠠ ᠶᠢᠨ 15 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2024 ᠣᠨ ᠤ ᠲᠣᠭᠤᠷᠢᠭ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠳᠠ ᠶᠢᠨ ᠪᠦᠬᠦ ᠭᠡᠰᠢᠭᠦᠳ ᠤᠨ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2023 ᠣᠨ ᠤ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠤᠷᠠᠭ︶︾ ︽ᠰᠦᠩᠱᠠᠨ ᠲᠣᠭᠤᠷᠢᠭ ᠤᠨ 2023 ᠣᠨ ᠤ ᠪᠥᠬᠦ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ︵ᠶᠠᠷᠢᠯᠴᠠᠬᠤ ᠨᠣᠤᠷᠠᠭ︶︾᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ᠂ ︽ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡ᠂ ᠲᠠᠷᠢᠶᠠᠯᠠᠩ ᠤᠨ ᠮᠠᠰᠢᠨ ᠤ ᠤᠭᠰᠠᠷᠠᠬᠤ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠬᠦᠷᠢᠶᠡᠯᠡᠩ ᠳᠤ ᠣᠷᠣᠬᠤ ᠶᠢ ᠵᠣᠷᠢᠭᠵᠢᠭᠤᠯᠬᠤ ᠬᠡᠷᠡᠭᠵᠢᠭᠦᠯᠬᠦ ᠠᠷᠭ᠎ᠠ︾ ᠵᠢᠴᠢ ︽ᠰᠦᠩᠱᠠᠨ ᠲᠣᠭᠤᠷᠢᠭ ᠤᠨ 2024 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ︾  ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠵᠤ ᠠᠬᠤᠶ ᠶᠢᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠰᠦᠩᠱᠠᠨ ᠲᠣᠭᠤᠷᠢᠭ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠲᠥᠷᠥᠯ ᠵᠦᠢᠯ  ᠤᠨ ᠪᠥᠲᠥᠭᠡᠨ ᠪᠠᠶᠢᠭᠤᠯᠤᠯᠲᠠ ᠶᠢ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ︽ᠠᠮᠢᠨ ᠰᠤᠳᠠᠰᠤ︾ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠦᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠡᠯ᠎ᠡ ᠵᠦᠢᠯ ᠤᠨ ᠠᠵᠢᠯ ᠳᠤ ᠴᠥᠮ ︽ᠪᠠᠴᠢᠮ᠂ ᠲᠦᠷᠭᠡᠨ᠂ ᠪᠣᠳᠠᠲᠠᠶ︾ ᠶᠢ ᠳᠣᠪᠤᠶᠢᠯᠭᠠᠵᠤ᠂ ᠡᠯ᠎ᠡ ᠲᠠᠯ᠎ᠠ ᠪᠠᠷ ᠭᠠᠷᠮᠠᠭᠠᠶ ᠠᠮᠵᠢᠯᠲᠠ ᠪᠦᠲᠦᠮᠵᠢ ᠭᠠᠷᠭᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠠᠮᠤᠷ ᠲᠦᠪᠰᠢᠨ ᠢᠶᠠᠷ ᠬᠥᠭᠵᠢᠭᠦᠯᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠡᠭᠦᠷᠡᠰᠦᠨ ᠤ ᠪᠤᠰᠤ ᠠᠭᠤᠷᠬᠠᠢ᠂ ᠵᠠᠮ ᠬᠠᠷᠢᠯᠴᠠᠭ᠎ᠠ ᠲᠡᠭᠡᠭᠡᠪᠦᠷᠢ᠂ ᠵᠠᠰᠠᠮᠠᠯ ᠵᠠᠮ ᠤᠨ ᠵᠠᠬ᠎ᠠ ᠳᠡᠯᠭᠡᠭᠦᠷ᠂ ᠰᠢᠲᠠᠮᠠᠬᠠᠢ ᠬᠡᠢ᠂ ᠢᠳᠡᠭᠡᠨ᠂ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠡᠳᠦᠷ ᠳᠤᠳᠤᠮ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠴᠡᠭᠴᠡᠯᠡᠬᠦ᠂ ᠬᠢᠨᠠᠨ ᠬᠠᠮᠢᠶᠠᠷᠬᠤ ᠪᠠ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠳᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ︽ᠤᠴᠢᠷ ᠶᠠᠪᠤᠳᠠᠯ ᠢ ᠰᠢᠢᠳᠪᠦᠷᠢᠯᠡᠬᠦ︾ ᠪᠠᠷ ᠭᠤᠣᠯᠳᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ᠂ ᠨᠡᠮᠡᠭᠳᠡᠯ ᠢ ᠡᠷᠡᠰ ᠬᠤᠷᠢᠭᠯᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ ᠶᠢ ᠪᠠᠷᠢᠮᠲᠠᠯᠠᠨ᠂ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ ᠪᠠᠶᠢᠭ᠎ᠠ ᠡᠯ᠎ᠡ ᠵᠦᠢᠯ ᠤᠨ ᠮᠡᠳᠡᠭᠦᠯᠦᠯᠲᠡ ᠶᠢ ᠲᠤᠭᠤᠷᠪᠢᠨ ᠪᠢᠴᠢᠵᠦ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠭᠦᠢᠴᠡᠳ ᠰᠢᠩᠭᠡᠭᠡᠨ ᠠᠪᠴᠤ᠂ ᠢᠯᠡᠳᠬᠡᠯ ᠤᠨ ᠠᠮᠵᠢᠯᠲᠠ ᠪᠦᠲᠦᠮᠵᠢ ᠶᠢᠨ ᠳ᠋ᠦᠩᠨᠡᠯᠲᠡ ᠶᠢ ᠪᠣᠳᠠᠲᠠᠶᠢᠵᠢᠭᠤᠯᠬᠤ᠂ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠠᠷᠭ᠎ᠠ ᠬᠡᠮᠵᠢᠶ᠎ᠡ ᠶᠢ ᠬᠦᠴᠦᠲᠡᠶ ᠪᠥᠭᠡᠳ ᠶᠠᠪᠤᠭᠳᠠᠭᠤᠰᠢᠲᠠᠶ ᠪᠠᠶᠢᠯᠭᠠᠬᠤ ᠶᠢ ᠦᠨᠡᠨ ᠬᠦ ᠪᠠᠲᠤᠯᠠᠵᠤ᠂ ᠬᠥᠭᠵᠢᠯᠲᠡ ᠶᠢᠨ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠦᠨᠡᠨᠬᠦ ᠣᠨᠣᠪᠴᠢᠲᠠᠢ ᠰᠣᠩᠭᠤᠵᠤ᠂ ᠠᠷᠭ᠎ᠠ ᠬᠡᠮᠵᠢᠶ᠎ᠡ ᠶᠢ ᠪᠣᠳᠠᠲᠠᠢ ᠲᠣᠭᠲᠠᠭᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠬᠤᠢ᠂ ᠶᠠᠩ ᠸᠧᠨ ᠳ᠋ᠦᠩ᠂ ᠰᠢᠤᠢ ᠹᠸᠢ ᠶᠠᠨ᠂ ᠭᠦᠸᠧ ᠮᠢᠩ ᠷᠦᠢ᠂ ᠯᠢ ᠰᠢᠶᠠᠨ ᠹᠦ᠋᠂ ᠴᠧᠨ ᠶᠠᠨ ᠶᠦᠩ᠂ ᠵᠤᠤ ᠱᠢ ᠴᠤᠤ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号