1 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ | ᠸᠠᠨ ᠴᠤᠤ ᠴᠢ ᠰᠦᠩᠱᠠᠨ ᠲᠣᠭᠤᠷᠢᠭ ᠤᠨ ᠪᠠᠷᠠᠭᠤᠨ ᠬᠡᠰᠡᠭ ᠲᠤ ᠪᠠᠶᠢᠭ᠎ᠠ ᠱᠠᠩ ᠭᠤᠸᠠᠨ ᠳ᠋ᠢ ᠪᠠᠯᠭᠠᠰᠤ᠂ ᠭᠠᠩᠽᠢ | ᠰᠢᠶᠠᠩ᠂ ᠳ᠋ᠠᠢ ᠹᠦ᠋ ᠶᠢᠩᠽᠢ ᠰᠢᠶᠠᠩ᠂ ᠳ᠋ᠠ ᠮᠢᠶᠣᠣ ᠪᠠᠯᠭᠠᠰᠤᠨ ᠳᠤ ᠬᠦᠷᠴᠦ᠂ ᠠᠵᠤ ᠦᠢᠯᠡᠰ ᠤᠨ ᠬᠥᠭᠵᠢᠯᠲᠡ᠂ | ᠨᠡᠶᠢᠭᠡᠮ ᠤᠨ ᠵᠠᠰᠠᠯᠲᠠ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ | ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠨᠡ ᠵᠢᠯ ᠤᠨ ᠠᠵᠢᠯ ᠤᠨ ᠲᠤᠬᠢᠷᠠᠭᠤᠯᠤᠯᠳᠠ ᠶᠢᠨ | ᠪᠠᠶᠢᠳᠠᠯ ᠢ ᠣᠶᠢᠯᠠᠭᠠᠵᠤ᠂ ᠰᠢᠶᠠᠩ ᠪᠠᠯᠭᠠᠰᠤ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ᠂ ᠺᠠᠳ᠋ᠷ ᠪᠣᠯᠤᠨ | ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠬᠦ ᠡᠷᠦᠬᠡ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ | ᠰᠠᠷ᠎ᠠ ᠶᠢᠨ ᠵᠥᠩᠨᠡᠯ ᠳᠡᠪᠰᠢᠭᠦᠯᠪᠡ᠃ | ᠸᠠᠨ ᠴᠤᠤ ᠴᠢ ᠤᠷᠢᠳ ᠬᠤᠵᠢᠳ ᠱᠠᠩ ᠭᠤᠸᠠᠨ ᠳ᠋ᠢ ᠪᠠᠯᠭᠠᠰᠤ ᠶᠢᠨ ᠤᠯᠠᠭᠠᠨᠬᠠᠳᠠ ᠶᠢᠨ ᠵᠢᠶᠠ ᠢᠦᠢ | ᠦᠷ᠎ᠡ ᠶᠢᠨ ᠦᠢᠯᠡᠰ ᠤᠨ ᠺᠣᠮᠫᠠᠨᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠳ᠋ᠠᠢ ᠹᠦ᠋ ᠶᠢᠩᠽᠢ ᠰᠢᠶᠠᠩ ᠤᠨ | ᠳ᠋ᠠ ᠨᠢᠶᠠᠨ ᠽᠢ ᠲᠣᠰᠬᠤᠨ ᠤ ᠲᠥᠬᠦᠭᠡᠷᠦᠮᠵᠢ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠳ᠋ᠠ ᠮᠢᠶᠣᠣ | ᠪᠠᠯᠭᠠᠰᠤ ᠶᠢᠨ ᠰᠢᠶᠤᠤ ᠮᠢᠶᠣᠣ ᠽᠢ ᠲᠣᠰᠬᠤᠨ ᠤ ᠬᠢᠲᠠᠳ ᠡᠮ ᠤᠨ ᠮᠠᠲ᠋ᠧᠷᠢᠶᠠᠯ ᠳᠠᠷᠢᠵᠤ ᠡᠳ᠋ᠰᠢᠭᠦᠯᠬᠦ ᠰᠠᠭᠤᠷᠢᠨ | ᠪᠣᠯᠤᠨ ᠭᠦᠩᠵᠦ ᠶᠢᠨ ᠳᠠᠪᠠᠭ᠎ᠠ ᠶᠢᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠬᠦᠷᠦᠪᠡ᠃ | ᠡᠯ᠎ᠡ ᠲᠣᠰᠬᠤᠨ ᠤ ᠲᠣᠰᠬᠤᠨ ᠤ ᠵᠥᠪᠯᠡᠯ ᠳᠤ ᠢᠷᠡᠵᠤ᠂ ᠬᠥᠳᠡᠯᠮᠦᠷᠢᠯᠡᠵᠦ ᠪᠠᠶᠢᠭ᠎ᠠ ᠤᠯᠠᠨ ᠲᠦᠮᠡᠨ᠂ | ᠲᠣᠰᠬᠤᠨ ᠤ ᠺᠠᠳ᠋ᠷ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ | ᠬᠤᠷᠰᠢᠶ᠎ᠠ ᠶᠢᠨ ᠤᠯᠠᠨ ᠲᠦᠮᠡᠨ ᠤ ᠠᠰᠢᠭ ᠬᠤᠪᠢᠶᠠᠷᠢᠯᠠᠯᠲᠠ ᠶᠢᠨ ᠪᠠᠶᠢᠳᠠᠯ ᠢ ᠣᠶᠢᠯᠠᠭᠠᠵᠤ᠂ ᠨᠠᠷᠢᠯᠢᠭ ᠲᠠᠷᠢᠵᠤ | ᠨᠢᠮᠪᠠᠶ ᠠᠷᠠᠴᠢᠯᠠᠬᠤ ᠤᠯᠠᠮᠵᠢᠯᠠᠯ ᠪᠣᠯᠤᠨ ᠭᠤᠣᠯ ᠬᠤᠳᠠ ᠶᠢᠨ ᠲᠣᠭᠤᠷᠢᠭ ᠲᠠᠢ ᠣᠶᠢᠷᠠᠯᠴᠠᠭ᠎ᠠ᠂ ᠵᠠᠮ | ᠬᠠᠷᠢᠯᠴᠠᠭᠠᠨ ᠤ ᠭᠤᠣᠯ ᠱᠤᠭᠤᠮ ᠲᠠᠢ ᠣᠶᠢᠷᠠᠯᠴᠠᠭ᠎ᠠ ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠤᠨᠴᠠᠯᠢᠭᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠳᠤ ᠦᠶ᠎ᠡ ᠶᠢᠨ ᠲᠠᠷᠢᠶᠠᠯᠠᠩ᠂ ᠤᠶᠤᠨᠲᠤ | ᠲᠠᠷᠢᠶᠠᠯᠠᠩ ᠤᠨ ᠴᠢᠭᠯᠡᠯ ᠢᠶᠠᠷ ᠤᠷᠤᠭᠰᠢᠯᠠᠵᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ | ᠱᠠᠩ ᠭᠤᠸᠠᠨ ᠳ᠋ᠢ ᠪᠠᠯᠭᠠᠰᠤᠨ ᠤ ᠬᠤᠶᠢᠲᠤ ᠡᠦ ᠵᠢᠶᠠ ᠼᠦᠨ ᠲᠣᠰᠬᠤᠨ᠂ ᠭᠠᠩᠽᠢ ᠰᠢᠶᠠᠩ ᠤᠨ ᠰᠢᠨ | ᠸᠦᠸᠧ ᠫᠦ᠋ ᠲᠣᠰᠬᠤᠨ᠂ ᠳ᠋ᠠ ᠮᠢᠶᠣᠣ ᠪᠠᠯᠭᠠᠰᠤᠨ ᠤ ᠰᠢᠶᠤᠤ ᠮᠢᠶᠣᠣ ᠽᠢ ᠲᠣᠰᠬᠤᠨ ᠳᠤ᠂ ᠸᠠᠨ ᠴᠤᠤ ᠴᠢ ᠪᠠᠰᠠ | ᠲᠤᠰ ᠲᠤᠰ ᠤᠯᠠᠭᠠᠨᠬᠠᠳᠠ ᠬᠤᠳᠠ ᠶᠢᠨ ᠬᠥᠳᠡᠯᠮᠦᠷᠢ ᠶᠢᠨ ᠵᠢᠱᠢᠶᠡᠴᠢ ᠪᠣᠯᠤᠨ ᠶᠣᠰᠣ ᠰᠤᠷᠲᠠᠬᠤᠨ ᠤ ᠵᠢᠱᠢᠶᠡᠴᠢ | ᠯᠢᠩ ᠢᠦᠢ᠂ ᠠᠬᠠᠮᠠᠳ ᠨᠠᠮ ᠤᠨ ᠭᠡᠰᠢᠭᠦᠨ ᠮᠠ ᠵᠧᠨ ᠬᠤᠸᠠ᠂ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠪᠢ | ᠢᠦᠢ ᠼᠠᠢ᠂ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠬᠦ ᠡᠷᠦᠬᠡ ᠵᠧᠩ ᠹᠧᠩ ᠵᠧᠨ ᠪᠣᠯᠤᠨ ᠯᠢ ᠪᠠᠢ | ᠮᠢᠩ ᠤᠨ ᠬᠢᠨ ᠳᠤ ᠬᠦᠷᠴᠦ ᠪᠣᠯᠭᠤᠭᠠᠨ ᠲᠣᠬᠤᠨᠢᠭᠤᠯᠵᠤ᠂ ᠲᠡᠳᠡᠨ ᠤ ᠪᠡᠶ᠎ᠡ ᠶᠢᠨ ᠪᠠᠶᠢᠳᠠᠯ᠂ ᠦᠷ᠎ᠡ ᠬᠡᠦᠬᠡᠳ ᠤᠨ | ᠪᠠᠶᠢᠳᠠᠯ᠂ ᠭᠡᠷ ᠪᠦᠯᠢ ᠶᠢᠨ ᠣᠷᠣᠯᠭ᠎ᠠ ᠪᠣᠯᠤᠨ ᠪᠣᠳᠠᠲᠠᠢ ᠬᠦᠴᠢᠷᠳᠡᠯ ᠢ ᠠᠰᠠᠭᠤᠨ ᠯᠠᠪᠯᠠᠵᠤ᠂ ᠭᠡᠷ ᠳᠣᠲᠣᠷᠠᠬᠢ | ᠳᠤᠯᠠᠭᠠᠯᠠᠭ᠎ᠠ ᠶᠢᠨ ᠲᠥᠬᠦᠭᠡᠷᠦᠮᠵᠢ ᠶᠢ ᠪᠠᠶᠢᠴᠠᠭᠠᠨ ᠦᠵᠡᠪᠡ᠃ ᠲᠡᠷᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠲᠣᠰᠬᠤᠨ ᠤ ᠨᠠᠮ ᠤᠨ ᠡᠭᠦᠷ ᠤᠨ ᠬᠢᠨ ᠲᠡᠳᠡᠨ ᠢ ᠢᠯᠡᠭᠦᠬᠡᠨ ᠬᠠᠯᠠᠮᠵᠢᠯᠠᠵᠤ᠂ | ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠬᠦ ᠡᠷᠦᠬᠡ ᠶᠢ ᠬᠠᠪᠰᠤᠷᠤᠨ ᠲᠡᠳᠬᠦᠬᠦ ᠶᠢ | ᠴᠢᠩᠭᠠᠳᠬᠠᠵᠤ᠂ ᠡᠪᠡᠳᠴᠢᠨ ᠦᠵᠡᠭᠦᠯᠬᠦ ᠡᠮ ᠬᠡᠷᠡᠭᠯᠡᠬᠦ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ | ᠡᠯ᠎ᠡ ᠲᠠᠯ᠎ᠠ ᠶᠢᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠲᠡᠳᠡᠨ ᠢ ᠪᠠᠶᠠᠷ ᠪᠠᠶᠠᠰᠬᠤᠯᠠᠩ ᠲᠠᠢ ᠪᠠᠷ ᠰᠢᠨᠡᠯᠡᠭᠦᠯᠬᠦ | ᠬᠡᠷᠡᠭᠲᠡᠢ ᠭᠡᠵᠦ ᠱᠠᠭᠠᠷᠳᠠᠪᠠ᠃ | ᠳᠥᠷᠪᠡᠨ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠭᠤᠯᠭ᠎ᠠ ᠳᠤ᠂ ᠸᠠᠨ ᠴᠤᠤ | ᠴᠢ ᠠᠯᠪᠠᠨ ᠭᠡᠷ᠂ ᠡᠷᠭᠢᠯᠲᠡ ᠶᠢᠨ ᠭᠡᠷ᠂ ᠠᠵᠢᠯᠲᠠᠨ ᠠᠵᠢᠯᠴᠢᠨ ᠤ ᠬᠤᠭᠤᠯᠠᠨ ᠭᠡᠷ ᠢ ᠪᠠᠶᠢᠴᠠᠭᠠᠨ ᠦᠵᠡᠵᠦ᠂ | ᠰᠢᠶᠠᠩ ᠪᠠᠯᠭᠠᠰᠤᠨ ᠤ ᠺᠠᠳ᠋ᠷᠴᠤᠳ ᠤᠨ ᠡᠳᠦᠷ ᠲᠤᠳᠤᠮ ᠤᠨ ᠠᠵᠢᠯ᠂ ᠠᠮᠢᠳᠤᠷᠠᠯ ᠤᠨ ᠪᠠᠶᠢᠳᠠᠯ ᠢ ᠣᠶᠢᠯᠠᠭᠠᠬᠤ ᠶᠢᠨ | ᠬᠠᠮᠲᠤ ᠱᠠᠩ ᠭᠤᠸᠠᠨ ᠳ᠋ᠢ ᠪᠠᠯᠭᠠᠰᠤᠨ ᠳᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ | ᠠᠵᠢᠯ ᠤᠨ ᠪᠠᠶᠢᠳᠠᠯ᠂ ᠺᠠᠳ᠋ᠷᠴᠤᠳ ᠤᠨ ᠪᠠᠶᠢᠳᠠᠯ ᠪᠠ ᠤᠯᠠᠨ ᠲᠦᠮᠡᠨ ᠤ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ | ᠦᠨᠳᠦᠰᠦᠨ ᠱᠠᠲᠤᠨ ᠤ ᠺᠠᠳ᠋ᠷᠴᠤᠳ ᠤᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠ ᠢᠯᠡᠳᠲᠡ ᠦᠷ᠎ᠡ | ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠬᠦᠰᠡᠭᠰᠡᠨ ᠨᠢ᠂ ᠤᠯᠠᠨ ᠢᠶᠠᠷ ᠢᠶᠠᠨ ᠬᠠᠷᠢᠭᠤᠴᠠᠯᠭᠠᠲᠤ | ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠢᠶᠠᠨ ᠰᠠᠶᠢᠲᠤᠷ ᠬᠥᠭᠵᠢᠭᠦᠯᠵᠦ᠂ | ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠣᠷᠣᠯᠭ᠎ᠠ ᠶᠢ ᠳᠡᠭᠡᠭᠰᠢᠯᠡᠭᠦᠯᠬᠦ ᠬᠡᠷᠡᠭᠲᠡᠢ︔ | ︽ᠪᠣᠳᠠᠲᠠᠢ︾ ᠪᠠᠷ ᠠᠵᠢᠯ ᠬᠢᠬᠦ ᠶᠢ ᠲᠤᠪᠤᠶᠢᠯᠭᠠᠵᠦ᠂ ᠬᠡᠯᠪᠡᠷᠢᠴᠢ ᠦᠵᠡᠯ ᠢ ᠶᠠᠪᠤᠭᠤᠯᠬᠤ ᠦᠭᠡᠢ᠂ ᠬᠥᠮᠦᠨ ᠨᠢ | ᠠᠵᠢᠯ ᠠᠴᠠ ᠪᠠᠨ ᠤᠯᠠᠳᠠᠬᠤ ᠶᠢ ᠲᠡᠪᠴᠢᠵᠦ᠂ ᠺᠠᠳ᠋ᠷᠴᠤᠳ ᠢ ᠬᠥᠳᠡᠭᠡ ᠲᠣᠰᠬᠤᠨ ᠳᠤ ᠢᠯᠡᠭᠦᠬᠡᠨ ᠪᠠᠭᠤᠯᠭᠠᠵᠤ᠂ | ᠲᠣᠰᠬᠤᠨ ᠢ ᠢᠯᠡᠭᠦᠬᠡᠨ ᠬᠠᠪᠰᠤᠷᠴᠤ ᠰᠡᠳᠬᠢᠴᠡ ᠶᠢ ᠨᠢ ᠰᠦᠪᠡᠭᠴᠢᠯᠡᠵᠦ᠂ ᠤᠯᠠᠨ ᠲᠦᠮᠡᠨ ᠳᠤ ᠢᠯᠡᠭᠦᠬᠡᠨ | ᠪᠣᠳᠠᠲᠠᠢ ᠠᠵᠢᠯ ᠬᠢᠵᠦ ᠥᠭᠬᠦ ᠬᠡᠷᠡᠭᠲᠡᠢ︔ ᠰᠡᠳᠬᠢᠯ ᠳᠡᠭᠡᠨ ᠠᠷᠠᠳ ᠤᠯᠠᠨ ᠲᠠᠢ ᠪᠠᠶᠢᠵᠤ᠂ ᠤᠯᠠᠨ ᠲᠦᠮᠡᠨ ᠤ | ᠠᠵᠢᠯ ᠢ ᠬᠢᠬᠦ ᠳᠡᠭᠡᠨ ᠴᠢᠳᠠᠮᠠᠭᠠᠢ ᠪᠠᠶᠢᠵᠤ᠂ ᠨᠠᠮ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠤᠬᠠᠭᠤᠯᠵᠤ᠂ ᠤᠯᠠᠨ | ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ︔ ᠲᠣᠰᠬᠤᠨ ᠤ ᠱᠠᠲᠤᠨ ᠤ ᠨᠠᠮ ᠤᠨ ᠡᠭᠦᠷ ᠢ ᠰᠠᠶᠢᠲᠤᠷ | ᠪᠠᠶᠢᠭᠤᠯᠵᠤ᠂ ︽ᠬᠤᠶᠠᠷ ᠵᠥᠪᠯᠡᠯ︾ ᠤᠨ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠡᠭᠦᠷ ᠤᠨ | ᠰᠢᠯᠭᠠᠷᠠᠭᠰᠠᠨ ᠱᠦᠵᠢ ᠶᠢ ᠬᠥᠮᠦᠵᠢᠭᠦᠯᠵᠦ᠂ ᠲᠣᠰᠬᠤᠨ ᠤ ᠺᠠᠳ᠋ᠷ ᠢ ᠤᠯᠠᠨ ᠲᠦᠮᠡᠨ ᠤ ᠳᠤᠮᠳᠠ ᠢᠲᠡᠭᠡᠯ | ᠬᠦᠨᠳᠦ ᠲᠠᠢ᠂ ᠤᠷᠢᠶᠠᠯᠠᠬᠤ ᠬᠦᠴᠦᠨ ᠲᠠᠢ ᠪᠣᠯᠭᠠᠵᠤ᠂ ᠪᠠᠶᠠᠵᠢᠯ ᠢ ᠳᠠᠭᠠᠭᠤᠯᠬᠤ᠂ ᠵᠠᠰᠠᠬᠤ ᠴᠢᠳᠠᠪᠤᠷᠢ ᠶᠢ ᠨᠢ | ᠳᠡᠭᠡᠭᠰᠢᠯᠡᠭᠦᠯᠬᠦ ᠬᠡᠷᠡᠭᠲᠡᠢ᠃ | ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠪᠣᠯᠤᠨ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠬᠤ ᠳᠤ | ᠣᠷᠣᠯᠴᠠᠪᠠ᠃ |