ᠤᠢᠢᠷ᠎ᠠ ᠶᠢᠨ ᠬᠤᠭᠤᠴᠠᠭᠠᠨ ᠳᠤ᠂ ᠰᠦᠩᠱᠠᠨ ᠲᠣᠭᠤᠷᠢᠭ ᠤᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ | ᠲᠠᠷᠢᠶᠠᠯᠠᠩ ᠳᠤ ᠦᠢᠯᠡᠴᠢᠯᠡᠬᠦ ᠲᠠᠪᠴᠠᠩ ᠳ᠋ᠠᠢ ᠹᠦ᠋ ᠶᠢᠩᠽᠢ᠂ ᠭᠠᠩᠽᠢ᠂ ᠴᠢᠳᠬᠤᠯᠠᠩ ᠵᠡᠷᠭᠡ ᠰᠢᠶᠠᠩ ᠪᠠᠯᠭᠠᠰᠤᠨ ᠤ | ᠠᠷᠠᠳ ᠲᠤ ᠦᠢᠯᠡᠴᠢᠯᠡᠬᠦ ᠺᠣᠮᠫᠠᠨᠢ ᠲᠠᠢ ᠬᠠᠮᠲᠤᠷᠠᠵᠤ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠳᠤ ᠴᠠᠭᠠᠨ | ᠰᠠᠷ᠎ᠠ ᠶᠢᠨ ᠬᠤᠭᠤᠴᠠᠭᠠᠨ ᠳᠤ ᠬᠡᠷᠡᠭᠰᠡᠬᠦ ᠠᠮᠢᠳᠤᠷᠠᠯ ᠤᠨ ᠡᠳ᠋ ᠪᠣᠳᠠᠰ ᠢ ᠲᠥᠪᠯᠡᠷᠡᠭᠦᠯᠦᠨ ᠬᠤᠳᠠᠯᠳᠤᠨ᠂ ᠤᠯᠠᠨ | ᠲᠦᠮᠡᠨ ᠤ ᠬᠡᠷᠡᠭᠴᠡᠭᠡ ᠶᠢ ᠬᠠᠩᠭᠠᠵᠤ ᠪᠠᠶᠢᠨ᠎ᠠ᠃ | ᠣᠶᠢᠯᠠᠭᠠᠭᠰᠠᠨ ᠢᠶᠠᠷ᠂ ᠳ᠋ᠠᠢ ᠹᠦ᠋ ᠶᠢᠩᠽᠢ ᠰᠢᠶᠠᠩ ᠤᠨ ᠲᠠᠷᠢᠶᠠᠯᠠᠩ ᠳᠤ ᠦᠢᠯᠡᠴᠢᠯᠡᠬᠦ ᠺᠣᠮᠫᠠᠨᠢ ᠨᠢ ᠪᠦᠬᠦ | ᠰᠢᠶᠠᠩ ᠤᠨ 21 ᠲᠣᠰᠬᠤᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢ ᠺᠣᠮᠫᠠᠨᠢ ᠶᠢᠨ ᠬᠤᠪᠢ | ᠣᠷᠣᠭᠤᠯᠤᠭᠴᠢ ᠪᠣᠯᠭᠠᠵᠤ᠂ ᠲᠤᠰᠬᠠᠶᠢᠵᠢᠭᠰᠠᠨ ᠡᠵᠡᠩᠨᠡᠯᠲᠡ ᠶᠢᠨ ᠪᠦᠯᠬᠦᠮ ᠢ ᠪᠠᠶᠢᠭᠤᠯᠵᠤ᠂ ᠶᠡᠷᠦᠩᠬᠡᠶᠢᠯᠡᠭᠰᠡᠨ | ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠲᠥᠪᠯᠡᠷᠡᠭᠦᠯᠦᠨ ᠬᠠᠩᠭᠠᠨ ᠪᠣᠷᠣᠯᠠᠭᠤᠯᠬᠤ | ᠳᠠᠪᠠᠭᠤᠯᠢᠭ ᠢ ᠪᠦᠷᠢᠯᠳᠦᠭᠦᠯᠪᠡ᠃ | ᠴᠢᠳᠬᠤᠯᠠᠩ ᠪᠠᠯᠭᠠᠰᠤ ᠤᠬ ᠰᠠᠨᠠᠭ᠎ᠠ ᠨᠢ ᠠᠷᠠᠳ ᠲᠤ ᠦᠢᠯᠡᠴᠢᠯᠡᠬᠦ ᠺᠣᠮᠫᠠᠨᠢ ᠪᠠᠶᠢᠭᠤᠯᠵᠤ᠂ ᠲᠣᠰᠬᠤᠨ ᠤ | ᠳᠡᠰ ᠤᠨ ᠰᠦᠯᠵᠢᠶᠡᠨ ᠤ ᠳᠠᠷᠤᠭ᠎ᠠ᠂ ᠳᠤᠭᠤᠶᠢᠯᠠᠩ ᠤᠨ ᠳᠡᠰ ᠤᠨ ᠰᠦᠯᠵᠢᠶᠡᠨ ᠤ ᠠᠵᠢᠯᠳᠠᠨ᠂ ᠺᠣᠮᠫᠠᠨᠢ ᠶᠢᠨ | ᠲᠤᠬᠠᠶᠢᠯᠠᠭᠰᠠᠨ ᠠᠵᠢᠯᠳᠠᠨ ᠤ ᠭᠤᠷᠪᠠᠨ ᠳᠡᠰ ᠤᠨ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠬᠤ ᠪᠠᠷ ᠳᠠᠮᠵᠢᠭᠤᠯᠵᠤ | ᠂ ᠲᠠᠷᠢᠶᠠᠴᠢᠨ ᠡᠷᠦᠬᠡ ᠳᠤ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ ᠲᠥᠪᠯᠡᠷᠡᠭᠦᠯᠦᠨ ᠬᠤᠳᠠᠯᠳᠤᠨ᠂ | ᠲᠤᠬᠢᠷᠠᠭᠤᠯᠤᠨ ᠬᠦᠷᠭᠡᠵᠦ ᠦᠭᠪᠡ᠃ | ᠪᠦᠷᠢᠳᠬᠡᠯ ᠢ ᠦᠨᠳᠦᠰᠦᠯᠡᠪᠡᠯ᠂ ᠰᠦᠩᠱᠠᠨ ᠲᠣᠭᠤᠷᠢᠭ ᠤᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ | ᠲᠠᠷᠢᠶᠠᠯᠠᠩ ᠳᠤ ᠦᠢᠯᠡᠴᠢᠯᠡᠬᠦ ᠲᠠᠪᠴᠠᠩ ᠨᠢ ᠰᠢᠶᠠᠩ ᠪᠠᠯᠭᠠᠰᠤᠨ ᠤ ᠠᠷᠠᠳ ᠲᠤ ᠦᠢᠯᠡᠴᠢᠯᠡᠬᠦ ᠺᠣᠮᠫᠠᠨᠢ ᠲᠠᠢ | ᠢᠳᠡᠪᠬᠢᠲᠡᠢ ᠬᠠᠷᠢᠯᠴᠠᠵᠤ᠂ 1 ᠰᠠᠷ᠎ᠠ ᠶᠢᠨ 8 ᠤ ᠡᠳᠦᠷ ᠠᠴᠠ ᠡᠬᠢᠯᠡᠨ᠂ 30 ᠭᠠᠷᠤᠢ ᠲᠦᠮᠡᠨ ᠲᠥᠭᠦᠷᠢᠭ ᠤᠨ | ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ 13 ᠰᠢᠶᠠᠩ ᠪᠠᠯᠭᠠᠰᠤᠨ ᠤ 140 ᠭᠠᠷᠤᠢ ᠲᠣᠰᠬᠤᠨ ᠤ | ᠠᠷᠠᠳ ᠤᠨ ᠳᠤᠭᠤᠶᠢᠯᠠᠩ ᠳᠤ ᠬᠦᠷᠭᠡᠪᠡ᠃ |