1 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠣᠭ᠎ᠠ ᠶᠢᠨ | ᠲᠡᠷᠢᠭᠦᠯᠡᠭᠴᠢ ᠸᠠᠩ ᠬᠤᠩ ᠬᠤᠸᠠ ᠰᠦᠩᠱᠠᠨ ᠲᠣᠭᠤᠷᠢᠭ ᠲᠤ ᠢᠷᠡᠵᠦ ᠴᠠᠭᠠᠨ ᠰᠠᠷ᠎ᠠ ᠶᠢᠨ ᠲᠣᠬᠤᠨᠢᠭᠤᠯᠬᠤ | ᠠᠵᠢᠯᠯᠠᠭ᠎ᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠮᠥᠩᠬᠡᠪᠠᠭᠠᠲᠤᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠪᠠᠷ᠎ᠠ ᠪᠣᠯᠪᠠ᠃ | ᠸᠠᠩ ᠬᠤᠩ ᠬᠤᠸᠠ ᠨᠠᠷ ᠤᠷᠢᠳ ᠬᠤᠵᠢᠳ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ | ᠬᠠᠷᠢᠶᠠᠲᠤ ᠨᠠᠷ ᠤᠨ ᠭᠡᠷ ᠪᠦᠯᠢ ᠵᠢᠴᠢ ᠬᠠᠷᠢᠶᠠᠲᠤ ᠨᠠᠷ ᠤᠨ ᠵᠠᠯᠠᠭᠤᠴᠤᠳ ᠤᠨ ᠬᠡᠰᠡᠭ ᠲᠥᠯᠥᠭᠡᠯᠡᠭᠴᠢ ᠶᠢ | ᠪᠣᠯᠭᠤᠭᠠᠨ ᠲᠣᠬᠤᠨᠢᠭᠤᠯᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ | ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠵᠢᠴᠢ ᠬᠠᠷᠢᠶᠠᠲᠤ ᠨᠠᠷ ᠤᠨ ᠬᠤᠯᠪᠣᠭ᠎ᠠ ᠶᠢᠨ ᠵᠣᠬᠢᠶᠠᠨ | ᠪᠠᠶᠢᠭᠤᠯᠤᠯᠲᠠ ᠶᠢᠨ ᠮᠡᠨᠳᠦᠴᠢᠯᠡᠯ ᠪᠠ ᠢᠷᠥᠭᠡᠯ ᠳᠡᠪᠰᠢᠭᠦᠯᠬᠦ ᠶᠢᠨ ᠬᠠᠮᠲᠤ ᠪᠠᠰᠠ ᠲᠡᠳᠡᠨ ᠤ ᠭᠠᠳᠠᠭᠠᠳᠤ ᠳᠤ ᠪᠠᠶᠢᠭ᠎ᠠ | ᠳᠣᠲᠣᠨᠣ ᠬᠥᠮᠦᠰ ᠲᠤ ᠨᠠᠮ ᠪᠠ ᠵᠠᠰᠠᠭ ᠤᠨ ᠣᠷᠳᠣᠨ ᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ ᠸᠠᠩ | ᠬᠤᠩ ᠬᠤᠸᠠ᠂ ᠤᠯᠠᠨ ᠢᠶᠠᠷ ᠢᠶᠠᠨ ᠡᠬᠡ ᠤᠯᠤᠰ ᠤᠨ ᠢᠶᠠᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠡᠯ᠎ᠡ ᠱᠠᠲᠤᠨ ᠤ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠢ ᠳᠡᠮᠵᠢᠵᠦ᠂ ᠳᠤᠮᠳᠠᠳᠤ | ᠭᠠᠳᠠᠭᠠᠳᠤ ᠶᠢᠨ ᠨᠥᠬᠦᠷᠰᠡᠭ ᠶᠠᠪᠤᠯᠴᠠᠭ᠎ᠠ ᠶᠢᠨ ᠠᠷᠠᠳ ᠤᠨ ᠡᠯᠴᠢ ᠪᠤᠯᠵᠤ᠂ ᠠᠳᠠᠯᠢ ᠪᠤᠰᠤ ᠠᠵᠢᠯ ᠤᠨ ᠪᠠᠶᠢᠷᠢ | ᠳᠡᠭᠡᠷ᠎ᠡ ᠪᠠᠨ ᠦᠷᠭᠦᠯᠵᠢᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠬᠠᠷᠢᠶᠠᠲᠤ ᠨᠠᠷ ᠤᠨ | ᠰᠡᠳᠬᠢᠯ ᠢ ᠨᠢᠭᠲᠠᠷᠠᠭᠤᠯᠵᠤ᠂ ᠬᠠᠷᠢᠶᠠᠲᠤ ᠨᠠᠷ ᠤᠨ ᠬᠦᠴᠦᠨ ᠢ ᠨᠢᠭᠲᠠᠷᠠᠭᠤᠯᠬᠤ ᠶᠢ ᠬᠦᠰᠡᠪᠡ᠃ | ᠸᠠᠩ ᠬᠤᠩ ᠬᠤᠸᠠ ᠢᠯᠡᠷᠬᠡᠶᠢᠯᠡᠬᠦ ᠳᠡᠭᠡᠨ᠂ ᠰᠦᠩᠱᠠᠨ ᠲᠣᠭᠤᠷᠢᠭ ᠤᠨ ᠬᠠᠷᠢᠶᠠᠲᠤ ᠨᠠᠷ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠬᠥᠮᠦᠨ ᠢᠶᠠᠷ ᠦᠨᠳᠦᠰᠦ ᠪᠣᠯᠭᠠᠬᠤ᠂ ᠬᠠᠷᠢᠶᠠᠲᠤ ᠨᠠᠷ ᠲᠤ | ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠬᠠᠷᠢᠶᠠᠲᠤ ᠨᠠᠷ ᠤᠨ ᠰᠡᠳᠬᠢᠯ ᠢ ᠨᠢᠭᠲᠠᠷᠠᠭᠤᠯᠤᠨ᠂ ᠬᠠᠷᠢᠶᠠᠲᠤ ᠨᠠᠷ ᠤᠨ | ᠣᠶᠤᠨ ᠤᠬᠠᠭᠠᠨ ᠢ ᠬᠤᠷᠠᠮᠳᠤᠭᠤᠯᠵᠤ᠂ ᠬᠠᠷᠢᠶᠠᠲᠤ ᠨᠠᠷ ᠤᠨ ᠬᠦᠴᠦᠨ ᠢ ᠪᠠᠳᠠᠷᠠᠭᠤᠯᠤᠨ᠂ ᠬᠠᠷᠢᠶᠠᠲᠤ ᠨᠠᠷ ᠤᠨ | ᠠᠰᠢᠭ ᠲᠤᠰᠠ ᠶᠢ ᠬᠠᠮᠠᠭᠠᠯᠠᠵᠤ᠂ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠤᠨ ᠡᠭᠦᠷᠭᠡ ᠴᠢᠳᠠᠪᠤᠷᠢ ᠳᠠᠭᠠᠨ | ᠰᠠᠭᠤᠷᠢᠯᠠᠨ᠂ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠬᠠᠷᠢᠶᠠᠲᠤ ᠨᠠᠷ ᠤᠨ | ᠡᠲᠡᠭᠡᠳ ᠤᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ | ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠵᠤ᠂ ᠰᠦᠩᠱᠠᠨ | ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠠᠷᠢᠶᠠᠲᠤ ᠨᠠᠷ ᠤᠨ ᠡᠲᠡᠭᠡᠳ ᠤᠨ | ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ |