1 ᠰᠠᠷ᠎ᠠ ᠶᠢᠨ 29 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠳᠤ ᠬᠤᠳᠠ ᠶᠢᠨ ᠳᠣᠲᠣᠨ᠎ᠠ ᠭᠠᠳᠠᠨ᠎ᠠ | ᠡᠭᠦᠰᠦᠭᠰᠡᠨ ᠬᠡᠳᠦᠨ ᠨᠡᠶᠢᠲᠡᠯᠢᠭ ᠠᠶᠤᠯᠭᠦᠢ ᠦᠢᠯᠡᠳᠪᠦᠷᠢᠯᠡᠯ ᠤᠨ ᠠᠳᠡᠯ ᠢ ᠵᠠᠷᠯᠠᠨ ᠮᠡᠳᠡᠭᠳᠡᠪᠡ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠬᠤᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ | ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠠᠮᠢ ᠨᠠᠰᠤ ᠠᠯᠢᠪᠠ ᠠᠴᠠ ᠡᠷᠬᠢᠮ ᠳᠡᠭᠡᠳᠦ︾᠂ ︽ | ᠰᠡᠷᠭᠡᠶᠢᠯᠡᠬᠦ ᠨᠢ ᠭᠠᠮᠰᠢᠭ ᠠᠴᠠ ᠠᠪᠤᠷᠠᠬᠤ ᠠᠴᠠ ᠢᠯᠡᠭᠦᠦ︾᠂ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ | ᠲᠠᠶᠢᠱᠠᠨ ᠠᠭᠤᠯᠠ ᠠᠴᠠ ᠬᠦᠨᠳᠦ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠡᠯ᠎ᠡ ᠲᠦᠷᠦᠯ ᠤᠨ ᠠᠶᠤᠯᠭᠦᠢ | ᠦᠢᠯᠡᠳᠪᠦᠷᠢᠯᠡᠯ ᠤᠨ ᠠᠳᠡᠯ ᠤᠨ ᠬᠠᠷᠠᠰᠠᠯᠳᠤ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠲᠤᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠪᠣᠯᠤᠨ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ︽ | ᠬᠤᠶᠠᠷ ᠬᠤᠷᠠᠯ︾ ᠪᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠦᠨᠡᠨ | ᠬᠦ ᠰᠠᠶᠢᠲᠤᠷ ᠬᠢᠬᠦ ᠶᠢᠨ ᠬᠠᠮᠲᠤ᠂ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠬᠡᠲᠦᠷᠡᠮᠡᠬᠡᠶ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠠᠮᠤᠷ | ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ | ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠬᠤᠷᠠᠯ ᠳᠡᠭᠡᠷ᠎ᠡ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠡᠰᠡᠭ ᠪᠦᠷᠢᠯᠳᠦᠬᠦᠨ ᠨᠢᠭᠡᠴᠡ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠪᠠ︔ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ | ᠤᠢᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠱᠠᠭᠠᠷᠳᠠᠯᠭ᠎ᠠ ᠪᠣᠯᠤᠨ ᠭᠠᠯ ᠤᠨᠲᠠᠷᠠᠭᠠᠬᠤ ᠠᠵᠢᠯ ᠳᠤ | ᠲᠤᠯᠭᠠᠷᠠᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ︔ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠤᠪᠴᠢᠶ᠎ᠠ 2024 ᠣᠨ ᠤ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ |