ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠰᠦᠩᠱᠠᠨ ᠲᠣᠭᠤᠷᠢᠭ ᠲᠤ  ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/1/31
     1 ᠳ᠋ᠦ᠋ᠭᠡᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠰᠦᠩᠱᠠᠨ ᠲᠣᠭᠤᠷᠢᠭ ᠲᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃      ᠲᠢᠶᠧ ᠳ᠋ᠦᠩ ᠵᠡᠭᠡᠯᠢ ᠭᠤᠳᠤᠮᠵᠢ ᠶᠢᠨ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠲᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠬᠠᠭᠤᠯᠭ᠎ᠠ ᠶᠢᠨ ᠹᠢᠯᠢᠮ ᠢ ᠰᠣᠨᠢᠷᠬᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠨ ᠰᠦᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠨᠠᠷᠢᠨ ᠣᠶᠢᠯᠠᠭᠠᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠢᠯᠡᠷᠬᠡᠶᠢᠯᠡᠭᠰᠡᠨ ᠢᠶᠠᠷ᠂ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠨᠢ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ᠂ ᠨᠥᠬᠦᠷᠰᠡᠭ ᠢᠶᠠᠷ ᠶᠠᠪᠤᠯᠴᠠᠬᠤ᠂ ᠰᠣᠯᠢᠯᠴᠠᠭ᠎ᠠ ᠬᠢᠵᠦ ᠬᠠᠷᠢᠯᠴᠠᠨ ᠬᠥᠳᠡᠯᠦᠯᠴᠡᠬᠦ ᠠᠵᠠ ᠲᠣᠬᠢᠶᠠᠯ ᠢ ᠬᠠᠩᠭᠠᠵᠤ᠂ ᠠᠵᠢᠯ ᠤᠨ ᠰᠡᠳᠬᠢᠴᠡ ᠪᠠᠨ ᠤᠯᠠᠮ ᠴᠢᠨᠠᠭᠰᠢᠳᠠ ᠥᠷᠭᠡᠳᠬᠡᠵᠦ᠂ ᠬᠤᠶᠢᠰᠢᠳᠠ ᠤᠯᠤᠯᠴᠠᠭ᠎ᠠ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠶᠢ ᠲᠤᠯᠢ ᠪᠣᠯᠭᠠᠨ ᠰᠤᠷᠤᠯᠴᠠᠵᠤ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠵᠦ᠂ ᠡᠭᠦᠳᠦᠨ ᠪᠠᠶᠢᠭᠤᠯᠬᠤ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ᠃      ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠨᠠᠭᠰᠢᠳᠠ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠪᠡ᠃ 2023 ᠣᠨ ᠤ ᠰᠡᠭᠦᠯᠴᠢ ᠪᠣᠯᠲᠠᠯ᠎ᠠ᠂ ᠰᠦᠩᠱᠠᠨ ᠲᠣᠭᠤᠷᠢᠭ ᠨᠢᠭᠡᠨᠲᠡ ᠬᠤᠳᠠ ᠶᠢᠨ ᠲᠡᠰ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ  ᠨᠢᠭᠡᠴᠡ ᠶᠢ 91 ᠪᠠᠶᠢᠭᠤᠯᠪᠠ᠂ ᠡᠭᠦᠨ ᠳᠤ᠂ ᠤᠯᠤᠰ ᠤᠨ ᠲᠡᠰ ᠤᠨ ᠬᠢ 2᠂ ᠥᠪᠡᠷᠲᠡᠭᠡᠨ ᠵᠠᠰᠠᠬᠤ ᠣᠷᠣᠨ ᠤ ᠲᠡᠰ ᠤᠨ ᠬᠢ  6 ᠪᠠᠶᠢᠭᠤᠯᠪᠠ︔ ᠬᠤᠲᠠ ᠶᠢᠨ ᠱᠠᠲᠤᠨ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠡᠶᠢᠲᠡ 14 ᠪᠠᠶᠢᠭᠤᠯᠪᠠ᠂ ᠡᠭᠦᠨ ᠳᠤ ᠤᠯᠤᠰ ᠤᠨ ᠲᠠᠰ ᠤᠨ ᠬᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠢ 10 ᠪᠣᠶ︔ ᠬᠤᠲᠠ ᠶᠢᠨ ᠱᠠᠲᠤᠨ ᠤ ᠬᠤᠲᠠ ᠶᠢᠨ ᠦᠨᠳᠦᠰᠦᠲᠡᠨ ᠤ ᠠᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ 7᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ 2᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ  ᠦᠢᠯᠡᠳᠦᠯᠭᠡ ᠶᠢᠨ ᠰᠠᠭᠤᠷᠢᠨ 2 ᠶᠢ ᠡᠭᠦᠳᠦᠨ ᠪᠠᠶᠢᠭᠤᠯᠪᠠ᠃ 
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号