ᠣᠶᠢᠷ᠎ᠠ ᠳᠤ᠂ ᠰᠦᠩᠵᠸᠦ ᠵᠡᠭᠡᠯᠢ ᠭᠤᠳᠤᠮᠵᠢ ᠨᠢ ᠭᠠᠯ ᠤᠨᠲᠠᠷᠠᠭᠠᠬᠤ ᠶᠡᠭᠡ ᠠᠩᠭᠢ᠂ ᠳᠣᠲᠣᠭᠠᠳᠤ ᠶᠢ | ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ | ᠣᠷᠣᠨ ᠳᠠᠭᠠᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠬᠠᠷᠢᠶ᠎ᠠ ᠣᠷᠣᠨ ᠤ ᠪᠠᠨ ᠡᠯ᠎ᠡ ᠲᠤᠮᠤ | ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠰᠦᠯᠵᠢᠶᠡᠨ ᠤ ᠪᠠᠭᠠᠷ᠂ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠵᠡᠷᠭᠡ ᠬᠥᠮᠦᠨ ᠤᠯᠠᠨ ᠴᠤᠭᠯᠠᠷᠠᠳᠠᠭ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠶᠤᠯ | ᠲᠦᠭᠰᠢᠭᠦᠷᠢ ᠶᠢᠨ ᠬᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠭᠠᠯ | ᠤᠨᠲᠠᠷᠠᠭᠠᠬᠤ ᠪᠠᠭᠠᠵᠢ ᠬᠡᠷᠡᠭᠰᠡᠯ ᠤᠨ ᠬᠤᠭᠤᠴᠠᠭ᠎ᠠ ᠨᠢ ᠥᠩᠭᠡᠷᠡᠭᠰᠡᠨ ᠡᠰᠡᠬᠦ᠂ ᠲᠠᠷᠬᠠᠭᠠᠨ ᠶᠠᠪᠤᠭᠤᠯᠬᠤ ᠨᠡᠪᠳᠡᠷᠡᠯ | ᠵᠠᠮ ᠨᠢ ᠰᠠᠭᠠᠳ ᠥᠭᠡᠢ ᠨᠡᠪᠲᠡᠷᠡᠭᠰᠡᠨ ᠡᠰᠡᠬᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ | ᠪᠠᠶᠢᠳᠠᠯ ᠣᠷᠣᠰᠢᠵᠤ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠨᠢ ᠪᠦᠷᠢᠨ ᠭᠦᠢᠴᠡᠳ ᠪᠠᠶᠢᠬᠤ ᠡᠰᠡᠬᠦ᠂ | ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠲᠠᠯᠳᠠ ᠭᠡᠮ ᠣᠷᠣᠰᠢᠵᠤ ᠪᠠᠶᠢᠬᠤ ᠡᠰᠡᠬᠦ ᠵᠡᠷᠭᠡ ᠲᠠᠯ᠎ᠠ ᠪᠠᠷ | ᠭᠤᠣᠯᠳᠠᠯᠭ᠎ᠠ ᠲᠠᠢ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠶ ᠶᠢᠨ | ᠭᠠᠵᠠᠷ ᠤᠨ ᠬᠥᠮᠦᠵᠢᠯ ᠵᠢᠯᠤᠭᠤᠳᠤᠯᠭ᠎ᠠ ᠬᠢᠵᠦ᠂ ᠠᠶᠤᠯᠭᠦᠶ ᠶᠢᠨ ᠦᠵᠡᠯ ᠤᠬᠠᠮᠰᠠᠷ ᠢ ᠪᠤᠢ ᠪᠣᠯᠭᠠᠬᠤ ᠶᠢ ᠱᠠᠭᠠᠷᠳᠠᠪᠠ | ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠨᠢᠭᠡᠴᠡ ᠶᠢ ᠪᠠᠶᠢᠴᠠᠭᠠᠵᠤ᠂ 10 | ᠬᠡᠮ ᠰᠣᠭᠤᠭ ᠢ ᠢᠯᠡᠷᠡᠭᠦᠯᠵᠦ᠂ 8 ᠬᠡᠮ ᠰᠣᠭᠤᠭ ᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠵᠠᠰᠠᠵᠤ᠂ 8 ᠬᠤᠪᠢ | ᠴᠡᠭᠴᠡᠯᠡᠨ ᠵᠠᠰᠠᠬᠤ ᠮᠡᠳᠡᠭᠳᠡᠯ ᠤᠨ ᠪᠢᠴᠢᠭ ᠪᠠᠭᠤᠯᠭᠠᠪᠠ᠃ |