ᠶᠠᠩ ᠮᠧᠩ ᠳ᠋ᠠᠢ ᠹᠦ᠋ ᠶᠢᠩᠽᠢ ᠰᠢᠶᠠᠩ᠂ ᠳ᠋ᠠ ᠮᠢᠶᠤᠤ ᠪᠠᠯᠭᠠᠰᠤ᠂ ᠴᠢᠳᠬᠤᠯᠠᠩ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/25
    10 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠮᠧᠩ ᠳ᠋ᠠᠢ ᠹᠦ᠋ ᠶᠢᠩᠽᠢ ᠰᠢᠶᠠᠩ᠂ ᠳ᠋ᠠ ᠮᠢᠶᠤᠤ ᠪᠠᠯᠭᠠᠰᠤ᠂ ᠴᠢᠳᠬᠤᠯᠠᠩ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢ ᠵᠠᠨ ᠶᠦᠩ᠂ ᠵᠦ ᠰᠢᠶᠤᠤ ᠯᠸᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠶᠠᠩ ᠮᠧᠩ ᠤᠷᠢᠳ ᠬᠤᠵᠢᠳ ᠨᠦᠢᠯ ᠪᠤᠭᠤᠳᠠᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠠᠷᠢᠮᠠᠯ ᠤᠨ ᠬᠤᠷᠰᠢᠶ᠎ᠠ᠂ ᠵᠢᠶᠠᠩ ᠳᠤ ᠳᠠᠷᠤᠭᠰᠠᠨ ᠨᠣᠭᠤᠭ᠎ᠠ ᠶᠢᠨ ᠦᠢᠯᠡᠳᠪᠦᠷᠢ ᠶᠢᠨ ᠲᠦᠷᠦᠯ ᠵᠦᠢᠯ ᠢ ᠪᠠᠶᠢᠴᠠᠭᠠᠨ ᠦᠵᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠤᠢᠢᠯᠠᠭᠠᠭᠰᠠᠨ ᠪᠥᠭᠡᠳ ᠲᠤᠰ ᠲᠤᠰ ᠶᠠᠷᠢᠯᠴᠠᠬᠤ ᠬᠤᠷᠠᠯ ᠬᠤᠷᠠᠯᠳᠤᠭᠤᠯᠪᠠ᠃    ᠶᠠᠩ ᠮᠧᠩ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠭᠤᠯᠤᠯᠲᠠ ᠶᠢᠨ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠦᠷᠭᠦᠯᠵᠢᠯᠡᠨ ᠠᠩᠬᠠᠷᠴᠤ᠂ ᠪᠠᠶᠢᠩᠭᠤᠵᠢᠭᠰᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠬᠢᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠲᠥᠪᠡᠳ ᠬᠠᠰᠢ᠂ ᠨᠦᠢᠯ ᠪᠤᠭᠤᠳᠠᠢ᠂ ᠬᠢᠲᠠᠳ ᠡᠪᠡᠰᠦᠨ ᠡᠮ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠲᠠᠷᠢᠮᠠᠯ ᠤᠨ ᠰᠠᠭᠤᠷᠢᠨ ᠢ ᠬᠦᠴᠦᠷᠬᠡᠭᠵᠢᠭᠦᠯᠵᠦ᠂ ᠤᠶᠤᠨᠲᠤ ᠲᠠᠷᠢᠶᠠᠯᠠᠩ ᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠦᠷᠦᠯ ᠲᠡᠮᠳᠡᠭ ᠤᠨ ᠤᠬᠠᠮᠰᠠᠷ ᠢ ᠪᠤᠢ ᠪᠣᠯᠭᠠᠵᠤ᠂ ᠳᠠᠪᠠᠭᠤᠯᠢᠭ ᠲᠦᠷᠦᠯ ᠵᠦᠢᠯ ᠤᠨ ᠲᠣᠭᠤᠷᠢᠨ ᠳᠤ ᠰᠦᠩᠱᠠᠨ ᠤ ᠲᠦᠷᠦᠯ ᠲᠡᠮᠳᠡᠭ ᠢ ᠨᠠᠷᠢᠨ ᠨᠢᠮᠪᠠᠢ ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠥᠩᠭᠡ ᠦᠵᠡᠮᠵᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠭᠤᠷᠬᠠᠢ ᠡᠷᠢᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ ᠬᠠᠶᠢᠨ ᠰᠢᠨᠵᠢᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠪᠦᠬᠦ ᠲᠣᠭᠤᠷᠢᠭ ᠤᠨ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠠᠷᠭ᠎ᠠ ᠪᠤᠳᠤᠵᠤ᠂ ᠪᠣᠳᠠᠲᠠᠢ ᠠᠷᠭ᠎ᠠ ᠭᠠᠷᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠰᠠᠶᠢᠲᠤᠷ ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠬᠡᠷᠡᠭᠲᠡᠢ᠃    ᠶᠠᠩ ᠮᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠵᠣᠷᠢᠯᠲᠠ ᠶᠢᠨ ᠤᠬᠠᠮᠰᠠᠷ ᠢᠶᠠᠨ ᠭᠦᠨᠵᠡᠭᠡᠶᠢᠷᠡᠭᠦᠯᠵᠦ᠂ ᠠᠵᠢᠯ ᠤᠨ ᠶᠠᠪᠤᠴᠠ ᠪᠠᠨ ᠵᠢᠷᠤᠮᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ︔ ᠦᠨᠳᠦᠰᠦᠨ ᠱᠠᠲᠤᠨ ᠤ ᠵᠠᠰᠠᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ 
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号