ᠰᠦᠩᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠠᠶᠢᠷ᠎ᠠ ᠬᠠᠯᠠᠮᠵᠢ ᠶᠢᠨ ᠲᠥᠯᠥᠭᠡ ᠴᠣᠭᠯᠠᠵᠤ · ᠦᠰᠦᠨ ᠪᠤᠶᠢᠵᠢᠯᠲᠠ ᠶᠢ ᠰᠠᠬᠢᠨ ᠬᠠᠮᠠᠭᠠᠯᠠᠶ᠎ᠠ︾ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/25
    ᠣᠶᠢᠷ᠎ᠠ ᠳᠤ᠂ ᠰᠦᠩᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠠᠶᠢᠷ᠎ᠠ ᠬᠠᠯᠠᠮᠵᠢ ᠶᠢᠨ ᠲᠥᠯᠥᠭᠡ ᠴᠣᠭᠯᠠᠵᠤ · ᠦᠰᠦᠨ ᠪᠤᠶᠢᠵᠢᠯᠲᠠ ᠶᠢ ᠰᠠᠬᠢᠨ ᠬᠠᠮᠠᠭᠠᠯᠠᠶ᠎ᠠ ︾ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ 17 ᠬᠠᠶᠢᠷ᠎ᠠ ᠬᠠᠯᠠᠮᠵᠢ ᠶᠢᠨ ᠡᠵᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠤᠷᠤᠯᠭ᠎ᠠ ᠶᠢᠨ ᠬᠡᠷᠡᠭᠰᠡᠯ ᠪᠣᠯᠤᠨ ᠠᠮᠢᠳᠤᠷᠠᠯ ᠤᠨ ᠡᠳ᠋ ᠪᠣᠳᠠᠰ ᠬᠦᠷᠭᠡᠭᠰᠡᠨ ᠪᠥᠭᠡᠳ ᠬᠡᠦᠬᠡᠳ ᠤᠳ ᠢ ᠳᠠᠭᠠᠭᠤᠯᠤᠨ ᠰᠦᠩᠱᠠᠨ ᠲᠣᠭᠤᠷᠢᠭ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢ ᠲᠣᠭᠤᠷᠢᠨ ᠦᠵᠡᠵᠦ᠂ ᠵᠢᠩ ᠲᠠᠢ ᠯᠠᠨ ᠪᠣᠳᠠᠰ ᠤᠨ ᠪᠤᠰᠤ ᠰᠣᠶᠣᠯ ᠤᠨ ᠥᠪ ᠤᠨ ᠭᠠᠷ ᠦᠢᠯᠡᠳᠬᠡᠯ ᠤᠨ ᠣᠶᠢᠯᠠᠭᠠᠯᠲᠠ ᠪᠣᠯᠤᠨ ᠭᠡᠷ ᠪᠦᠯᠢ ᠶᠢᠨ ᠤᠩᠰᠢᠯᠭ᠎ᠠ ᠵᠡᠷᠭᠡ ᠠᠵᠢᠯᠯᠠᠭ᠎ᠠ ᠳᠤ ᠣᠷᠣᠯᠴᠠᠵᠤ᠂ ᠬᠡᠦᠬᠡᠳ ᠤᠳ ᠢ ᠠᠵᠢᠯᠯᠠᠭ᠎ᠠ ᠶᠢᠨ ᠳᠤᠮᠳᠠ ᠤᠯᠠᠮᠵᠢᠯᠠᠯᠲᠤ ᠰᠣᠶᠣᠯ ᠲᠠᠢ ᠳᠣᠲᠣᠨᠣ ᠪᠠᠷ ᠣᠶᠢᠷᠠᠲᠤᠭᠤᠯᠵᠤ᠂ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠰᠣᠶᠣᠯ ᠢ ᠣᠶᠢᠯᠠᠭᠠᠭᠤᠯᠪᠠ᠃ 
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号