10 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠬᠤᠳᠠ ᠶᠢᠨ ᠨᠢᠭᠡ | ᠮᠥᠴᠡ ᠶᠢᠨ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠬᠦ ᠤᠯᠤᠰ ᠤᠨ ᠲᠤᠷᠰᠢᠯᠲᠠ ᠶᠢᠨ | ᠴᠡᠭ ᠤᠨ ᠪᠦᠳᠦᠭᠡᠨ ᠪᠠᠶᠢᠭᠤᠯᠤᠯᠲᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠲᠣᠭᠤᠷᠢᠭ ᠤᠨ ᠳᠡᠳ᠋ ᠳᠠᠷᠤᠭ᠎ᠠ ᠯᠢ ᡁᠢ ᠭᠦᠸᠧ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠡᠨᠡ ᠵᠢᠯ᠂ | ᠮᠠᠨ ᠤ ᠬᠤᠲᠠ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ | ᠳᠥᠷᠪᠡᠳᠦᠭᠡᠷ ᠪᠦᠯᠦᠭ ᠤᠨ ᠪᠥᠬᠦ ᠤᠯᠤᠰ ᠤᠨ ᠲᠤᠷᠰᠢᠯᠲᠠ ᠶᠢᠨ ᠬᠤᠲᠠ ᠶᠢ ᠠᠮᠵᠢᠯᠲᠠ ᠲᠠᠢ ᠪᠠᠷ ᠵᠥᠪᠰᠢᠶᠡᠷᠡᠭᠳᠡᠵᠦ | ᠂ ᠰᠦᠩᠱᠠᠨ ᠲᠣᠭᠤᠷᠢᠭ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ 10 ᠲᠤᠷᠰᠢᠯᠲᠠ ᠶᠢᠨ | ᠴᠡᠭ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠪᠡ᠂ ᠡᠨᠡ ᠪᠣᠯ ᠮᠠᠨ ᠤ ᠲᠣᠭᠤᠷᠢᠭ ᠤᠨ ᠠᠷᠠᠳ ᠤᠨ | ᠠᠮᠢᠳᠤᠷᠠᠯ ᠤᠨ ᠢᠨᠵᠧᠨᠧᠷᠢᠩ ᠤᠨ ᠨᠢᠭᠡᠨ ᠲᠣᠮᠣ ᠶᠠᠪᠤᠳᠠᠯ ᠪᠣᠯᠤᠨ᠎ᠠ᠃ ᠡᠯ᠎ᠡ ᠵᠡᠭᠡᠯᠢ ᠭᠤᠳᠤᠮᠵᠢ ᠪᠣᠯᠤᠨ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ ᠮᠥᠴᠡ ᠶᠢᠨ ᠠᠷᠠᠳ ᠲᠤ ᠳᠥᠭᠦᠮ | ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠠᠷᠢᠭᠤᠴᠠᠯᠭᠠᠲᠤ | ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ︔ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠭᠦᠨᠵᠡᠭᠡᠢ ᠰᠤᠳᠤᠯᠵᠤ᠂ | ᠢᠳᠡᠪᠬᠢᠲᠡᠢ ᠰᠤᠷᠤᠯᠴᠠᠨ ᠲᠣᠯᠢᠳᠠᠵᠤ᠂ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ ᠨᠢᠭᠡ ᠮᠥᠴᠡ ᠶᠢᠨ | ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠯᠬᠤᠮ | ᠠᠯᠬᠤᠮ ᠢᠶᠠᠷ ᠳᠡᠯᠭᠡᠷᠡᠭᠦᠯᠵᠦ᠂ ᠤᠯᠠᠨ ᠲᠦᠮᠡᠨ ᠤ ᠠᠮᠢᠳᠤᠷᠠᠯ ᠢ ᠨᠡᠩ ᠳᠥᠭᠦᠮ ᠳᠥᠲᠡ᠂ ᠲᠠᠭᠠᠯᠠᠮᠵᠢᠲᠠᠢ᠂ ᠰᠠᠶᠢᠨ | ᠰᠠᠶᠢᠬᠠᠨ ᠪᠣᠯᠭᠠᠬᠤ ᠬᠡᠷᠡᠭᠲᠡᠢ᠃ | ᠬᠤᠷᠠᠯ ᠳᠡᠭᠡᠷ᠎ᠡ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ︽ᠰᠦᠩᠱᠠᠨ ᠲᠣᠭᠤᠷᠢᠭ ᠤᠨ ᠬᠤᠲᠠ ᠶᠢᠨ ᠨᠢᠭᠡ ᠮᠥᠴᠡ ᠶᠢᠨ ᠠᠷᠠᠳ ᠲᠤ ᠲᠥᠬᠦᠮ | ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠥᠰᠦᠯ︾ | ᠳᠤ ᠲᠠᠶᠢᠯᠤᠮᠵᠢ ᠬᠢᠵᠦ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠯᠪᠣᠭᠳᠠᠯ ᠪᠥᠬᠦᠶ | ᠨᠥᠬᠦᠳ ᠠᠵᠢᠯ ᠤᠨ ᠠᠬᠢᠴᠠ ᠪᠠᠨ ᠬᠠᠷᠢᠭᠤ ᠮᠡᠳᠡᠭᠦᠯᠪᠡ᠃ |