10 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠮᠧᠩ ᠳ᠋ᠠᠢ ᠹᠦ᠋ | ᠶᠢᠩᠽᠢ ᠰᠢᠶᠠᠩ᠂ ᠳ᠋ᠠ ᠮᠢᠶᠤᠤ ᠪᠠᠯᠭᠠᠰᠤ᠂ ᠴᠢᠳᠬᠤᠯᠠᠩ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ | ᠬᠢᠭᠰᠡᠨ ᠪᠥᠭᠡᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ | ᠤᠳᠤᠷᠢᠳᠤᠯᠭ᠎ᠠ ᠯᠢ ᠵᠠᠨ ᠶᠦᠩ᠂ ᠵᠦ ᠰᠢᠶᠤᠤ ᠯᠸᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠶᠠᠩ ᠮᠧᠩ ᠤᠷᠢᠳ ᠬᠤᠵᠢᠳ ᠨᠦᠢᠯ ᠪᠤᠭᠤᠳᠠᠢ ᠶᠢᠨ ᠠᠵᠤ ᠦᠢᠯᠡᠰ ᠤᠨ ᠰᠠᠭᠤᠷᠢᠨ ᠭᠠᠵᠠᠷ᠂ | ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ | ᠲᠠᠷᠢᠮᠠᠯ ᠤᠨ ᠬᠤᠷᠰᠢᠶ᠎ᠠ᠂ ᠵᠢᠶᠠᠩ ᠳᠤ ᠳᠠᠷᠤᠭᠰᠠᠨ ᠨᠣᠭᠤᠭ᠎ᠠ ᠶᠢᠨ ᠦᠢᠯᠡᠳᠪᠦᠷᠢ ᠶᠢᠨ ᠲᠦᠷᠦᠯ ᠵᠦᠢᠯ ᠢ ᠪᠠᠶᠢᠴᠠᠭᠠᠨ | ᠦᠵᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠵᠤ | ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ | ᠠᠵᠢᠯ ᠢ ᠥᠷᠨᠢᠭᠦᠯᠦᠭᠰᠡᠨ ᠪᠠᠶᠢᠳᠠᠯ ᠢ ᠤᠢᠢᠯᠠᠭᠠᠭᠰᠠᠨ ᠪᠥᠭᠡᠳ ᠲᠤᠰ ᠲᠤᠰ ᠶᠠᠷᠢᠯᠴᠠᠬᠤ ᠬᠤᠷᠠᠯ ᠬᠤᠷᠠᠯᠳᠤᠭᠤᠯᠪᠠ᠃ | | ᠶᠠᠩ ᠮᠧᠩ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠣᠷᠣᠭᠤᠯᠤᠯᠲᠠ ᠶᠢᠨ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ | ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠦᠷᠭᠦᠯᠵᠢᠯᠡᠨ ᠠᠩᠬᠠᠷᠴᠤ᠂ ᠪᠠᠶᠢᠩᠭᠤᠵᠢᠭᠰᠠᠨ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠬᠢᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ | ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠲᠥᠪᠡᠳ ᠬᠠᠰᠢ᠂ ᠨᠦᠢᠯ | ᠪᠤᠭᠤᠳᠠᠢ᠂ ᠬᠢᠲᠠᠳ ᠡᠪᠡᠰᠦᠨ ᠡᠮ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠵᠦ᠂ ᠲᠠᠷᠢᠮᠠᠯ ᠤᠨ ᠰᠠᠭᠤᠷᠢᠨ ᠢ ᠬᠦᠴᠦᠷᠬᠡᠭᠵᠢᠭᠦᠯᠵᠦ᠂ ᠤᠶᠤᠨᠲᠤ ᠲᠠᠷᠢᠶᠠᠯᠠᠩ ᠢ ᠠᠬᠢᠭᠤᠯᠵᠤ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ ᠬᠡᠷᠡᠭᠲᠡᠢ᠃ ᠲᠦᠷᠦᠯ ᠲᠡᠮᠳᠡᠭ ᠤᠨ ᠤᠬᠠᠮᠰᠠᠷ ᠢ ᠪᠤᠢ ᠪᠣᠯᠭᠠᠵᠤ᠂ ᠳᠠᠪᠠᠭᠤᠯᠢᠭ ᠲᠦᠷᠦᠯ ᠵᠦᠢᠯ ᠤᠨ | ᠲᠣᠭᠤᠷᠢᠨ ᠳᠤ ᠰᠦᠩᠱᠠᠨ ᠤ ᠲᠦᠷᠦᠯ ᠲᠡᠮᠳᠡᠭ ᠢ ᠨᠠᠷᠢᠨ ᠨᠢᠮᠪᠠᠢ ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠤ | ᠨᠡᠮᠡᠯᠲᠡ ᠦᠷᠳᠡᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠪᠠ ᠠᠵᠤ | ᠦᠢᠯᠡᠰ ᠤᠨ ᠰᠠᠭᠤᠷᠢ ᠳᠤ ᠰᠠᠭᠤᠷᠢᠯᠠᠵᠤ᠂ ᠥᠩᠭᠡ ᠦᠵᠡᠮᠵᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ | ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠠᠭᠤᠷᠬᠠᠢ ᠡᠷᠢᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ | ᠬᠠᠶᠢᠨ ᠰᠢᠨᠵᠢᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠪᠦᠬᠦ ᠲᠣᠭᠤᠷᠢᠭ ᠤᠨ | ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ | ᠤᠢᠢᠯᠠᠭᠠᠭᠳᠠᠬᠤᠨ ᠢ ᠪᠠᠷᠢᠮᠲᠠᠯᠠᠵᠤ᠂ ᠠᠷᠭ᠎ᠠ ᠪᠤᠳᠤᠵᠤ᠂ ᠪᠣᠳᠠᠲᠠᠢ ᠠᠷᠭ᠎ᠠ ᠭᠠᠷᠭᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠰᠠᠶᠢᠲᠤᠷ | ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠬᠡᠷᠡᠭᠲᠡᠢ᠃ | ᠶᠠᠩ ᠮᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ | ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠵᠣᠷᠢᠯᠲᠠ ᠶᠢᠨ ᠤᠬᠠᠮᠰᠠᠷ ᠢᠶᠠᠨ | ᠭᠦᠨᠵᠡᠭᠡᠶᠢᠷᠡᠭᠦᠯᠵᠦ᠂ ᠠᠵᠢᠯ ᠤᠨ ᠶᠠᠪᠤᠴᠠ ᠪᠠᠨ ᠵᠢᠷᠤᠮᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠭᠦᠯᠬᠦ ᠬᠡᠷᠡᠭᠲᠡᠢ︔ ᠦᠨᠳᠦᠰᠦᠨ ᠱᠠᠲᠤᠨ ᠤ ᠵᠠᠰᠠᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ | ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠣᠭᠲᠠᠭᠤᠨ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ᠃ |