10 ᠰᠠᠷ᠎ᠠ ᠶᠢᠨ 16 ᠤ ᠡᠳᠦᠷ᠂ ᠤᠯᠠᠭᠠᠨᠬᠠᠳᠠ ᠬᠤᠲᠠ ᠶᠢᠨ ︽ᠯᠤᠲᠤ ᠶᠡᠭᠡ ᠬᠤᠪᠢᠷᠠᠯᠲᠠ ᠶᠢ ᠶᠠᠷᠢᠯᠴᠠᠵᠤ᠂ | ᠨᠠᠮ ᠤᠨ ᠠᠴᠢ ᠳᠤ ᠲᠠᠯᠠᠷᠬᠠᠵᠤ᠂ ᠬᠤᠶᠠᠷ ᠶᠡᠭᠡ ᠶᠠᠪᠤᠳᠠᠯ ᠢ ᠬᠠᠮᠲᠤ ᠪᠠᠷ ᠠᠬᠢᠭᠤᠯᠬᠤ︾ ᠵᠢᠴᠢ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠨᠡᠶᠢᠲᠡᠯᠡᠨ ᠬᠡᠷᠡᠭᠵᠢᠭᠦᠯᠦᠭᠰᠡᠨ 40 ᠵᠢᠯ ᠤᠨ ᠤᠢ ᠶᠢ ᠳᠤᠷᠠᠰᠬᠠᠬᠤ | ᠭᠤᠣᠯ ᠰᠡᠳᠦᠪᠲᠦ ᠠᠵᠢᠯᠯᠠᠭ᠎ᠠ ᠰᠦᠩᠱᠠᠨ ᠲᠣᠭᠤᠷᠢᠭ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠱᠧᠩ ᠼᠠᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ᠂ ᠲᠣᠭᠤᠷᠢᠭ ᠤᠨ ᠳᠡᠳ᠋ ᠳᠠᠷᠤᠭ᠎ᠠ ᠰᠢᠤᠢ ᠹᠸᠢ ᠶᠠᠨ | ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠶᠠᠪᠤᠴᠠ ᠳᠤ᠂ ᠤᠯᠠᠨ ᠢᠶᠠᠷ ᠢᠶᠠᠨ ᠡᠩ ᠲᠡᠷᠢᠭᠦᠨ ᠳᠤ ᠴᠥᠭᠡᠨ ᠲᠣᠭᠠᠲᠤ ᠦᠨᠳᠦᠰᠦᠲᠡᠨ ᠤ | ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠨᠡᠶᠢᠭᠡᠮ | ᠲᠣᠭᠤᠷᠢᠭ ᠪᠤᠯᠬᠤ ᠲᠢᠶᠧ ᠳ᠋ᠦᠩ ᠵᠡᠭᠡᠯᠢ ᠭᠤᠳᠤᠮᠵᠢ ᠶᠢᠨ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠢ | ᠲᠣᠭᠤᠷᠢᠨ ᠦᠵᠡᠪᠡ᠃ ᠲᠠᠷᠠᠭ᠎ᠠ ᠨᠢ᠂ ᠨᠠᠮ ᠵᠠᠰᠠᠭ ᠤᠨ ᠰᠠᠯᠠᠭ᠎ᠠ ᠮᠥᠴᠢᠷ᠂ ᠴᠥᠭᠡᠨ ᠲᠣᠭᠠᠲᠤ ᠦᠨᠳᠦᠰᠦᠲᠡᠨ ᠤ | ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ 7 ᠲᠥᠯᠥᠭᠡᠯᠡᠭᠴᠢ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠲᠤᠰ ᠪᠡᠶ᠎ᠡ ᠶᠢᠨ | ᠠᠵᠢᠯ ᠪᠣᠯᠤᠨ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠣᠶᠢᠯᠠᠭᠠᠯᠲᠠ ᠪᠠᠨ ᠶᠠᠷᠢᠪᠠ᠃ | | ᠸᠠᠩ ᠱᠧᠩ ᠼᠠᠢ ᠢᠯᠡᠷᠬᠡᠶᠢᠯᠡᠭᠰᠡᠨ ᠨᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠠᠭᠤᠤ ᠶᠡᠭᠡ | ᠦᠢᠯᠡᠳᠦᠯᠭᠡ ᠶᠢᠨ ᠳᠤᠮᠳᠠ ᠠᠴᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠨᠡᠶᠢᠲᠡᠯᠡᠨ | ᠬᠡᠷᠡᠭᠵᠢᠭᠦᠯᠬᠦ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ | ᠶᠡᠭᠡ ᠶᠠᠪᠤᠳᠠᠯ ᠪᠣᠯᠬᠤ ᠶᠢ ᠭᠦᠨᠵᠡᠭᠡᠢ ᠲᠠᠨᠢᠵᠤ᠂ ᠲᠡᠷᠡ ᠨᠢ ᠴᠥᠭᠡᠨ ᠲᠣᠭᠠᠲᠤ ᠦᠨᠳᠦᠰᠦᠲᠡᠨ ᠤ ᠡᠷᠬᠡ ᠶᠢ | ᠪᠠᠲᠤᠯᠠᠬᠤ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ᠂ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠪᠠ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠠᠭᠤᠤ ᠶᠡᠭᠡ ᠦᠢᠯᠡᠳᠦᠯᠭᠡ ᠠᠴᠠ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾ ᠶᠢ | ᠭᠦᠨᠵᠡᠭᠡᠢ ᠣᠶᠢᠯᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠰᠠᠨ ᠭᠡᠳᠡᠭ ᠢ ᠪᠠᠲᠤ | ᠴᠡᠭᠡᠵᠢᠯᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ | ᠲᠠᠨᠢᠬᠤ ᠳᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠪᠠᠲᠤᠯᠠᠭ᠎ᠠ ᠠᠴᠠ ᠰᠠᠯᠵᠤ ᠴᠢᠳᠠᠬᠤ | ᠦᠭᠡᠢ ᠶᠤᠮ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠠᠭᠤᠤ ᠶᠡᠭᠡ ᠦᠢᠯᠡᠳᠦᠯᠭᠡ ᠶᠢᠨ ᠳᠤᠮᠳᠠ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ | ᠵᠠᠰᠠᠬᠤ ᠶᠢ ᠪᠠᠷᠢᠮᠲᠠᠯᠠᠵᠤ᠂ ︽ᠨᠢᠭᠡ ᠭᠠᠷᠠᠭ ᠬᠤᠶᠠᠷ ᠰᠠᠷ᠎ᠠ︾ ᠶᠢᠨ ᠲᠠᠪᠴᠠᠩ ᠳᠤ ᠲᠦᠰᠢᠭᠯᠡᠨ᠂ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠬᠥᠮᠦᠵᠢᠯ᠂ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ | ᠦᠨᠳᠦᠰᠦᠲᠡᠨ ᠤ ᠬᠡᠷᠡᠭ ᠶᠠᠪᠤᠳᠠᠯ ᠢ ᠦᠨᠳᠦᠰᠦᠨ ᠱᠠᠲᠤᠨ ᠤ ᠲᠣᠣᠷᠵᠢᠭᠤᠯᠤᠭᠰᠠᠨ ᠬᠠᠮᠢᠶᠠᠷᠤᠯᠲᠠ ᠶᠢᠨ | ᠰᠢᠰᠲ᠋ᠧᠮ ᠳᠤ ᠣᠷᠣᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠠᠭᠤᠤ ᠶᠡᠭᠡ ᠦᠢᠯᠡᠳᠦᠯᠭᠡ ᠶᠢᠨ ᠳᠤᠮᠳᠠ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ | ᠬᠤᠷᠢᠶᠠᠨ ᠤ ᠥᠪᠥᠷ ᠮᠣᠩᠭᠤᠯ ᠢ ᠬᠠᠯᠠᠮᠵᠢᠯᠠᠨ ᠬᠠᠶᠢᠷᠠᠯᠠᠬᠤ ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠤᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠬᠠᠮᠲᠤ ᠶᠢᠨ ᠤᠬᠠᠮᠰᠠᠷ᠂ ᠡᠵᠡᠨ ᠬᠥᠮᠦᠨ ᠤ ᠤᠬᠠᠮᠰᠠᠷ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ | ᠪᠤᠢ ᠪᠣᠯᠭᠠᠬᠤ ᠪᠣᠳᠠᠲᠠᠢ ᠠᠷᠭ᠎ᠠ ᠬᠡᠮᠵᠢᠶ᠎ᠡ ᠶᠢ ᠰᠦᠪᠡᠭᠴᠢᠯᠡᠨ ᠠᠬᠢᠭᠤᠯᠵᠤ᠂ ᠴᠢᠩᠭ᠎ᠠ ᠠᠴᠢ ᠬᠠᠷᠢᠭᠤᠯᠠᠬᠤ | ᠰᠡᠳᠬᠢᠯᠭᠡ ᠪᠣᠯᠤᠨ ᠡᠷᠡᠰ ᠪᠠᠲᠤ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ |