10 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠡᠷᠡᠭᠦᠯᠵᠢᠯ ᠤᠨ | ᠲᠤᠰᠠᠯᠠᠬᠤ ᠪᠠᠭᠠᠵᠢ ᠬᠡᠷᠡᠭᠰᠡᠯ ᠵᠢᠴᠢ ᠨᠠᠰᠤᠲᠠᠶᠢᠴᠤᠳ ᠲᠤ ᠳᠣᠭᠢᠷᠠᠬᠤ ᠦᠢᠯᠡᠳᠬᠦᠨ ᠤ ᠳᠡᠯᠭᠡᠨ ᠦᠵᠡᠭᠦᠯᠵᠦ | ᠪᠡᠶᠡᠴᠢᠯᠡᠨ ᠣᠶᠢᠯᠠᠭᠠᠬᠤ ᠲᠥᠪ ᠬᠢᠭᠡᠳ ᠰᠦᠩᠱᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠵᠢᠯᠣᠭᠤᠳᠬᠤ ᠲᠥᠪ ᠰᠦᠩ ᠴᠧᠩ ᠵᠡᠭᠡᠯᠢ ᠭᠤᠳᠤᠮᠵᠢ ᠳᠤ ᠵᠢᠩᠬᠢᠨᠢ ᠪᠠᠷ ᠫᠠᠶᠢᠰᠠ ᠰᠡᠬᠦᠪᠡ᠃ | ᠲᠣᠭᠤᠷᠢᠭ ᠤᠨ ᠳᠡᠳ᠋ ᠳᠠᠷᠤᠭ᠎ᠠ ᠰᠢᠤᠢ ᠹᠸᠢ ᠶᠠᠨ ᠫᠠᠶᠢᠰᠠ ᠰᠡᠬᠦᠬᠦ ᠶᠣᠰᠣᠯᠠᠯ ᠳᠡᠭᠡᠷ᠎ᠡ ᠵᠢᠭᠠᠵᠤ | ᠭᠠᠷᠭᠠᠭᠰᠠᠨ ᠨᠢ᠂ ᠰᠦᠩᠱᠠᠨ ᠲᠣᠭᠤᠷᠢᠭ ᠨᠢ ᠡᠷᠡᠭᠦᠯᠵᠢᠯ ᠤᠨ ᠲᠤᠰᠠᠯᠠᠬᠤ ᠪᠠᠭᠠᠵᠢ ᠶᠢ ᠨᠡᠶᠢᠭᠡᠮ ᠲᠣᠭᠤᠷᠢᠭ ᠲᠤ | ᠣᠷᠣᠭᠤᠯᠬᠤ᠂ ᠬᠡᠷ ᠪᠦᠯᠢ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠷᠡᠭᠦᠯᠵᠢᠯ ᠤᠨ ᠪᠠᠭᠠᠵᠢ᠂ | ᠨᠠᠰᠤᠲᠠᠶᠢᠴᠤᠳ ᠲᠤ ᠳᠣᠭᠢᠷᠠᠬᠤ ᠦᠢᠯᠡᠳᠬᠦᠨ ᠬᠢᠭᠡᠳ ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ᠂ | ᠡᠮᠴᠢᠯᠡᠭᠡ᠂ ᠡᠷᠡᠭᠦᠯ ᠮᠡᠨᠳᠦ ᠵᠡᠷᠭᠡ ᠬᠦᠷᠢᠶᠡᠨ ᠳᠠᠬᠢ ᠭᠦᠨᠵᠡᠭᠡᠶ ᠠᠭᠤᠰᠤᠯᠴᠠᠯ ᠢ ᠠᠯᠬᠤᠮ ᠠᠯᠬᠤᠮ ᠢᠶᠠᠷ | ᠪᠡᠶᠡᠯᠡᠭᠦᠯᠵᠦ᠂ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠡᠷᠡᠭᠦᠯᠵᠢᠯ ᠤᠨ ᠲᠤᠰᠠᠯᠠᠬᠤ | ᠪᠠᠭᠠᠵᠢ ᠬᠡᠷᠡᠭᠰᠡᠯ ᠢ ᠳᠣᠭᠢᠷᠠᠭᠤᠯᠬᠤ ᠦᠢᠯᠡᠴᠢᠯᠡᠭᠡ ᠪᠠ ᠨᠠᠰᠤᠲᠠᠶᠢᠴᠤᠳ ᠲᠤ ᠳᠣᠭᠢᠷᠠᠬᠤ ᠦᠢᠯᠡᠳᠭᠦᠨ ᠤ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠨᠠᠰᠤᠲᠠᠶᠢᠴᠤᠳ ᠢ ᠵᠣᠯ ᠵᠢᠷᠭᠠᠯᠲᠤ ᠥᠲᠡᠯᠦᠭᠡ ᠨᠠᠰᠤᠨ ᠤ | ᠠᠮᠢᠳᠤᠷᠠᠯ ᠲᠠᠢ ᠪᠣᠯᠭᠠᠬᠤ ᠪᠠᠷ ᠴᠢᠷᠮᠠᠶᠢᠨ᠎ᠠ᠃ | ᠣᠶᠢᠯᠠᠭᠠᠭᠰᠠᠨ ᠢᠶᠠᠷ᠂ ᠲᠣᠰ ᠲᠥᠪ ᠪᠣᠯ ᠳᠡᠯᠭᠡᠨ ᠦᠵᠡᠭᠦᠯᠬᠦ᠂ ᠪᠡᠶᠡᠴᠢᠯᠡᠨ ᠣᠶᠢᠯᠠᠭᠠᠬᠤ᠂ ᠪᠣᠷᠣᠯᠠᠭᠤᠯᠬᠤ ᠪᠠ | ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠲᠠᠪᠴᠠᠩ ᠪᠣᠯᠤᠨ᠎ᠠ᠃ ᠵᠤᠷᠢᠯᠭ᠎ᠠ ᠨᠢ | ᠨᠠᠰᠤᠲᠠᠶᠢᠴᠤᠳ ᠤᠨ ᠣᠯᠠᠨ ᠵᠦᠢᠯ ᠤᠨ ᠡᠷᠡᠭᠦᠯᠵᠢᠯ ᠪᠣᠯᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ ᠶᠤᠮ᠃ ᠲᠣᠰ ᠲᠥᠪ ᠨᠢ ᠪᠠᠰᠠ ᠲᠤᠰᠬᠠᠶ | ᠮᠡᠷᠭᠡᠵᠢᠯ ᠤᠨ ᠠᠰᠠᠭᠤᠨ ᠯᠠᠪᠯᠠᠬᠤ ᠪᠠ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠬᠠᠩᠭᠠᠵᠤ᠂ | ᠨᠠᠰᠤᠲᠠᠶᠢᠴᠤᠳ ᠤᠨ ᠠᠮᠤᠷ ᠲᠦᠪᠰᠢᠨ ᠮᠥᠷᠲᠡᠭᠡᠨ ᠪᠦᠲᠦᠮᠵᠢᠲᠡᠶ ᠦᠢᠯᠡᠳᠬᠦᠨ ᠬᠡᠷᠡᠭᠯᠡᠬᠦ ᠶᠢ ᠦᠨᠡᠨ ᠬᠦ ᠪᠠᠲᠤᠯᠠᠨ᠎ᠠ | ᠃ |