10 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠦᠩ ᠴᠢᠩ ᠰᠦᠩ 2024 ᠣᠨ ᠤ ᠵᠠᠰᠠᠭ ᠤᠨ | ᠣᠷᠳᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ | ᠳᠡᠳ᠋ ᠳᠠᠷᠤᠭ᠎ᠠ ᠵᠢᠶᠠᠩ ᠴᠠᠩ ᠾᠦᠢ᠂ ᠶᠠᠩ ᠸᠧᠨ ᠳ᠋ᠦᠩ᠂ ᠰᠢᠤᠢ ᠹᠸᠢ ᠶᠠᠨ᠂ ᠭᠦᠸᠧ ᠮᠢᠩ ᠷᠦᠢ᠂ ᠯᠢ ᠰᠢᠶᠠᠨ | ᠹᠦ᠋᠂ ᠯᠢ ᡁᠢ ᠭᠦᠸᠧ ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠦᠨ ᠵᠧᠨ ᠬᠠᠢ᠂ ᠲᠣᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠣᠣ ᠰᠢᠤᠸᠠᠢ ᠱᠦ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ | ᠬᠤᠷᠠᠯ ᠤᠨ ᠵᠣᠷᠢᠭ ᠰᠠᠨᠠᠭ᠎ᠠ ᠪᠠ ᠡᠳ᠋ ᠤᠨ ᠵᠠᠰᠠᠭ ᠤᠨ ᠶᠠᠮᠤᠨ ᠤ ᠣᠶᠢᠷ᠎ᠠ ᠶᠢᠨ ᠬᠤᠭᠤᠴᠠᠭᠠᠨ ᠤ ᠠᠯᠢ ᠣᠯᠠᠨ | ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠤᠯᠠᠮᠵᠢᠯᠠᠨ ᠰᠤᠷᠤᠯᠴᠠᠪᠠ︔ ᠳᠡᠭᠡᠷ᠎ᠡ ᠬᠠᠭᠠᠰ ᠵᠢᠯ ᠤᠨ ᠪᠥᠬᠦ | ᠲᠣᠭᠤᠷᠢᠭ ᠤᠨ ᠨᠢᠭᠡᠳᠦᠭᠡᠷ ᠰᠢᠭᠦᠯᠲᠡ ᠶᠢᠨ ᠵᠠᠰᠠᠭ ᠵᠠᠬᠢᠷᠭᠠᠨ ᠤ ᠵᠠᠷᠭᠤ ᠢᠯᠠᠭᠳᠠᠭᠰᠠᠨ ᠬᠡᠷᠡᠭ ᠤᠨ ᠪᠠᠶᠢᠳᠠᠯ ᠵᠢᠴᠢ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠠᠵᠢᠯ ᠤᠨ | ᠠᠬᠢᠴᠠ ᠶᠢᠨ ᠪᠠᠶᠢᠳᠠᠯ ᠢ ᠰᠣᠨᠣᠰᠪᠠ︔ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ | ᠪᠠᠲᠤᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠢᠲᠡᠭᠡᠯ ᠵᠣᠷᠢᠭ ᠢᠶᠠᠨ ᠬᠥᠪᠴᠢᠯᠡᠵᠦ᠂ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠭᠦᠨᠵᠡᠭᠡᠶᠢᠷᠡᠭᠦᠯᠵᠦ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ᠂ | ᠲᠥᠯᠥᠪᠵᠢᠭᠦᠯᠭᠡ ᠶᠢᠨ ᠬᠠᠨᠳᠤᠰᠢ ᠪᠣᠯᠤᠨ ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ | ᠠᠩᠬᠠᠷᠴᠤ᠂ ᠲᠦᠷᠦᠯ ᠵᠦᠢᠯ ᠤᠨ ᠨᠥᠭᠡᠴᠡᠯᠡᠯᠲᠡ ᠶᠢ ᠪᠣᠳᠠᠲᠠᠢ ᠲᠥᠯᠥᠪᠵᠢᠭᠦᠯᠬᠦ ᠬᠡᠷᠡᠭᠲᠡᠢ︔ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠶᠢ ᠨᠠᠷᠢᠨ | ᠬᠢᠨᠠᠮᠠᠭᠠᠢ ᠥᠷᠨᠢᠭᠦᠯᠵᠦ᠂ ᠡᠯ᠎ᠡ ᠲᠦᠷᠦᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ︔ ᠡᠳ᠋ ᠤᠨ ᠵᠠᠰᠠᠭ ᠤᠨ ᠶᠠᠮᠤᠨ ᠤ ᠠᠯᠢ ᠣᠯᠠᠨ | ᠨᠡᠮᠡᠭᠳᠡᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠰᠤᠳᠤᠯᠤᠨ ᠰᠤᠷᠤᠯᠴᠠᠵᠤ᠂ ᠠᠵᠠ | ᠲᠣᠬᠢᠶᠠᠯ ᠢ ᠠᠮᠵᠢᠨ᠂ ᠳᠡᠭᠡᠳᠦ ᠱᠠᠲᠤ ᠲᠠᠢ ᠵᠤᠯᠭᠠᠭᠤᠯᠤᠨ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠦᠩᠱᠠᠨ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ︔ ᠠᠷᠪᠢᠯᠠᠨ ᠭᠠᠮᠨᠠᠬᠤ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ︽ᠠᠯᠪᠠᠨ ᠤ ᠭᠤᠷᠪᠠᠨ ᠵᠠᠷᠤᠳᠠᠯ︾ | ᠢ ᠴᠢᠩᠭ᠎ᠠ ᠬᠢᠵᠠᠭᠠᠷᠯᠠᠨ᠂ ᠦᠷ᠎ᠡ ᠠᠰᠢᠭ ᠢᠶᠠᠷ ᠳᠤᠤᠷ᠎ᠠ ᠪᠠ ᠬᠦᠴᠦᠨ ᠦᠭᠡᠢ ᠵᠠᠷᠤᠯᠭ᠎ᠠ ᠶᠢ ᠦᠨᠡᠨ ᠬᠦ ᠪᠠᠭᠠᠰᠬᠠᠬᠤ | ᠬᠡᠷᠡᠭᠲᠡᠢ︔ ᠬᠠᠤᠯᠢ ᠪᠤᠰᠤ ᠪᠠᠷ ᠪᠡᠯᠡ ᠴᠤᠭᠯᠠᠭᠤᠯᠬᠤ ᠲᠥᠷᠥᠯ ᠤᠨ ᠶᠠᠯ᠎ᠠ ᠬᠢᠬᠦ ᠳᠤ ᠴᠣᠬᠢᠯᠲᠠ ᠥᠭᠬᠦ ᠪᠠ | ᠰᠡᠷᠭᠡᠶᠢᠯᠡᠬᠦ ᠨᠡᠶᠢᠯᠡᠮᠡᠯ ᠬᠦᠴᠦᠨ ᠢ ᠦᠨᠡᠨᠬᠦ ᠪᠤᠢ ᠪᠣᠯᠭᠠᠵᠤ᠂ ᠡᠷᠴᠢᠮ ᠢᠶᠠᠨ ᠴᠢᠩᠭᠠᠷᠠᠭᠤᠯᠤᠨ ᠬᠠᠤᠯᠢ ᠶᠣᠰᠣᠭᠠᠷ | ᠴᠢᠩᠭ᠎ᠠ ᠰᠢᠳᠬᠡᠵᠦ᠂ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠬᠤ ᠶᠢᠨ ᠬᠠᠮᠲᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠰᠡᠷᠭᠡᠶᠢᠯᠡᠬᠦ ᠦᠵᠡᠯ | ᠤᠬᠠᠮᠰᠠᠷ ᠪᠣᠯᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠶᠢᠨ ᠬᠠᠮᠢᠶ᠎ᠠ ᠪᠦᠬᠦᠢ ᠠᠭᠤᠯᠭ᠎ᠠ ᠶᠢ ᠬᠠᠮᠲᠤ ᠪᠠᠷ | ᠰᠤᠷᠤᠯᠴᠠᠪᠠ᠃ |