2024 ᠣᠨ ᠤ ᠰᠦᠩᠱᠠᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/14
    11 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ 2024 ᠣᠨ ᠤ ᠰᠦᠩᠱᠠᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠵᠠᠮ ᠬᠠᠷᠢᠯᠴᠠᠭᠠᠨ ᠤ ᠭᠡᠮ ᠰᠣᠭᠤᠭ ᠢ ᠶᠡᠬᠡᠪᠡᠷ ᠪᠠᠶᠢᠴᠠᠭᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠭᠡ ᠤᠬᠠᠭᠤᠯᠭ᠎ᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠭᠡ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃    ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠭᠦᠸᠧ ᠮᠢᠩ ᠷᠦᠢ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠦᠨᠳᠦ ᠬᠡᠴᠡᠭᠦᠦ ᠪᠠᠶᠢᠳᠠᠯ ᠢ ᠲᠣᠳᠣᠷᠬᠠᠶ ᠲᠠᠨᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ︔ ᠬᠠᠮᠢᠶᠠᠷᠴᠤ ᠵᠠᠰᠠᠬᠤ ᠭᠤᠣᠯᠳᠠᠯᠭ᠎ᠠ ᠶᠢ ᠳᠤᠪᠤᠶᠢᠯᠭᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠨ ᠵᠢᠯᠣᠭᠤᠳᠴᠤ ᠦᠷ᠎ᠡ ᠪᠦᠲᠦᠮᠵᠢ ᠶᠢ ᠴᠢᠩᠭ᠎ᠠ ᠠᠳᠬᠤᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠬᠤᠷᠠᠯ ᠠᠴᠠ ᠡᠨᠡ ᠵᠢᠯ ᠠᠴᠠ ᠨᠠᠰᠢᠬᠢ ᠰᠦᠩᠱᠠᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠵᠠᠮ ᠬᠠᠷᠢᠯᠴᠠᠭᠠᠨ ᠤ ᠠᠵᠢᠯ ᠢ ᠰᠠᠶᠢᠲᠤᠷ ᠬᠢᠬᠦ ᠲᠤᠬᠠᠶ ᠲᠣᠰ ᠲᠣᠰ ᠣᠪᠣᠷ ᠢᠶᠠᠨ ᠢᠯᠡᠳᠬᠡᠬᠦ ᠦᠭᠡ ᠬᠡᠯᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号