ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠤᠯᠠᠭᠠᠨᠬᠠᠳᠠ ᠬᠤᠲᠠ ᠶᠢᠨ ᠭᠠᠳᠠᠭᠠᠳᠤ | ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ | ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠤᠯᠠᠭᠠᠨᠬᠠᠳᠠ ᠵᠠᠰᠠᠭ ᠲᠠᠷᠬᠠᠭᠠᠭᠰᠠᠨ ﹇2020﹈ 9 ᠳ᠋ᠤᠬᠡᠷ ᠲᠣᠭᠠᠲᠤ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ | ᠡᠯ᠎ᠡ ᠵᠥᠪᠯᠡᠯ ᠠᠯᠪᠠᠨ ᠭᠡᠷ ᠲᠣᠪᠴᠢᠶ᠎ᠠ ᠳᠤ᠄ | ᠡᠳᠦᠭᠡ ︽ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠢᠨᠠᠮᠠᠭᠠᠶ ᠰᠠᠶᠢᠲᠤᠷ ᠠᠳᠬᠤᠲᠤᠭᠠᠶ᠃ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ 2024 ᠣᠨ ᠤ 6 ᠰᠠᠷ᠎ᠠ ᠶᠢᠨ 13 ᠤ ᠡᠳᠦᠷ | | ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠲᠦᠷᠭᠡᠳᠬᠡᠨ ᠪᠠᠶᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 16 ᠳ᠋ᠤᠭᠠᠷ ᠲᠣᠭᠠᠲᠤ︶ | ᠪᠣᠯᠤᠨ ︽ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠤᠨ ᠪᠦᠲᠦᠴᠡ ᠶᠢ ᠰᠢᠯᠢᠳᠡᠭᠵᠢᠭᠦᠯᠬᠦ ᠶᠢ | ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ | ᠲᠠᠷᠬᠠᠭᠠᠭᠰᠠᠨ ﹇2020﹈ 10 ᠳ᠋ᠤᠭᠠᠷ ᠲᠣᠭᠠᠲᠤ︶ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢᠨ | ᠲᠣᠭᠤᠷᠢᠨ ᠳᠤ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠠᠷᠭ᠎ᠠ ᠬᠡᠮᠵᠢᠶ᠎ᠡ ᠶᠢ | ᠲᠣᠭᠲᠠᠭᠠᠪᠠ᠃ | ᠨᠢᠭᠡ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ | ᠥᠷᠭᠡᠳᠬᠡᠬᠦ ᠶᠢ ᠳᠡᠮᠵᠢᠬᠦ ᠬᠡᠷᠡᠭᠲᠡᠶ᠃ ᠵᠢᠯ ᠤᠨ ᠥᠪᠡᠰᠦᠪᠡᠨ ᠡᠵᠡᠩᠨᠡᠵᠦ ᠭᠠᠳᠠᠭᠠᠳᠤ ᠭᠠᠷᠭᠠᠯᠲᠠ ᠶᠢᠨ ᠲᠤᠭ᠎ᠠ ᠨᠢ | ᠵᠣᠬᠢᠬᠤ ᠬᠡᠪᠴᠢᠶ᠎ᠡ ᠳᠤ ᠬᠦᠷᠦᠭᠰᠡᠨ ᠪᠥᠭᠡᠳ ᠵᠣᠬᠢᠬᠤ ᠨᠡᠮᠡᠭᠳᠡᠯ ᠤᠨ ᠬᠤᠷᠳᠤᠴᠠ ᠶᠢ ᠬᠠᠩᠭᠠᠭᠰᠠᠨ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠳᠤ ᠵᠣᠬᠢᠬᠤ ᠱᠠᠩᠨᠠᠯ ᠣᠯᠭᠤᠵᠤ᠂ ᠬᠠᠮᠤᠭ ᠤᠨ ᠥᠨᠳᠥᠷ ᠲᠡᠭᠡᠨ 100 ᠲᠦᠮᠡᠨ | ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ ᠠᠩᠬ᠎ᠠ | ᠤᠳᠠᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠣᠳᠠᠲᠤ ᠠᠮᠵᠢᠯᠲᠠ ᠣᠯᠤᠭᠰᠠᠨ ᠪᠥᠭᠡᠳ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 100 ᠲᠦᠮᠡᠨ ᠲᠥᠭᠦᠷᠢᠭ ᠠᠴᠠ | ᠳᠠᠪᠠᠭᠰᠠᠨ ︵ᠲᠣᠰ ᠲᠤᠭ᠎ᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠪᠠᠶᠢᠵᠤ᠂ ᠵᠣᠬᠢᠬᠤ ᠲᠥᠬᠦᠭᠡᠷᠦᠮᠵᠢ ᠶᠢ | ᠰᠢᠨᠡᠳᠬᠡᠵᠦ ᠬᠤᠳᠠᠯᠳᠤᠨ ᠠᠪᠤᠭᠰᠠᠨ ᠨᠥᠬᠦᠪᠥᠷᠢ ᠣᠯᠭᠤᠵᠤ᠂ ᠬᠠᠮᠤᠭ ᠤᠨ ᠥᠨᠳᠥᠷ ᠲᠡᠭᠡᠨ 50 ᠲᠦᠮᠡᠨ | ᠲᠥᠭᠦᠷᠢᠭ ᠠᠴᠠ ᠳᠠᠪᠠᠭᠤᠯᠬᠤ ᠥᠬᠡᠶ᠃ ᠠᠵᠤ ᠠᠬᠤᠶᠢᠯᠠᠯ ᠭᠠᠳᠠᠷ ᠣᠷᠣᠨ ᠤ ᠣᠷᠣᠯᠠᠨ ᠭᠠᠷᠭᠠᠵᠤ ᠪᠠᠶᠢᠭ᠎ᠠ | ᠭᠠᠳᠠᠭᠠᠳᠤ ᠭᠠᠷᠭᠠᠯᠲᠠ ᠶᠢ ᠲᠤᠰ ᠭᠠᠵᠠᠷ ᠤᠨ ᠥᠪᠡᠷ ᠢᠶᠠᠨ ᠡᠵᠡᠩᠨᠡᠵᠦ ᠪᠠᠶᠢᠭ᠎ᠠ ᠭᠠᠳᠠᠭᠠᠳᠤ ᠭᠠᠷᠭᠠᠯᠲᠠ ᠶᠢᠨ | ᠶᠡᠷᠦᠩᠬᠡᠶ ᠲᠤᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢ ᠪᠣᠯᠤᠭᠰᠠᠨ ᠪᠠᠶᠢᠪᠠᠯ᠂ ᠵᠣᠬᠢᠬᠤ ᠱᠠᠩᠨᠠᠯ | ᠣᠯᠭᠤᠵᠤ᠂ ᠬᠠᠮᠤᠭ ᠤᠨ ᠥᠨᠳᠥᠷ ᠱᠠᠩᠨᠠᠯ ᠢ 50 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ | ᠬᠤᠶᠠᠷ᠂ ᠦᠢᠯᠡᠳᠪᠦᠷᠢᠯᠡᠯ ᠤᠨ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠢᠳᠡᠪᠬᠢᠲᠡᠶ | ᠣᠷᠣᠭᠤᠯᠬᠤ ᠬᠡᠷᠡᠭᠲᠡᠶ᠃ ᠬᠤᠲᠠ ᠶᠢᠨ ᠭᠠᠳᠠᠨ᠎ᠠ ᠠᠴᠠ ᠰᠢᠨ᠎ᠡ ᠪᠠᠷ ᠣᠷᠣᠭᠤᠯᠤᠨ ᠠᠪᠴᠢᠷᠠᠭᠰᠠᠨ | ᠦᠢᠯᠡᠳᠪᠦᠷᠢᠯᠡᠯ ᠤᠨ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠭᠰᠠᠨ | ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠲᠤᠭ᠎ᠠ ᠨᠢ 1 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠪᠠᠯ᠂ ᠨᠢᠭᠡ ᠯᠡ ᠤᠳᠠᠭ᠎ᠠ ᠳᠤ 20 ᠲᠦᠮᠡᠨ | ᠲᠥᠭᠦᠷᠢᠭ ᠢᠶᠠᠷ ᠱᠠᠩᠨᠠᠵᠤ᠂ ᠡᠭᠦᠨ ᠤ ᠰᠠᠭᠤᠷᠢᠨ ᠳᠡᠭᠡᠷ᠎ᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠶᠢ 1 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠦᠷᠢ 10 ᠲᠦᠮᠡᠨ ᠲᠥᠭᠦᠷᠢᠭ ᠱᠠᠩᠨᠠᠵᠤ᠂ | ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ | ᠭᠤᠷᠪᠠ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠶᠠᠰᠤ ᠴᠢᠨᠠᠷ ᠢ ᠳᠡᠭᠡᠭᠰᠢᠯᠡᠭᠦᠯᠦᠨ | ᠪᠠᠭᠲᠠᠭᠠᠮᠵᠢ ᠶᠢ ᠥᠷᠭᠡᠳᠬᠡᠬᠦ ᠶᠢ ᠳᠡᠮᠵᠢᠬᠦ ᠬᠡᠷᠡᠭᠲᠡᠢ᠃ ᠪᠤᠴᠠᠬᠤ ᠡᠭᠡᠯᠵᠢ ᠶᠢᠨ ᠭᠠᠯᠲᠤ ᠲᠡᠷᠭᠡ ᠨᠢ ᠲᠦᠭᠦᠬᠡᠢ | ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠶᠢᠨ ᠬᠠᠮᠲᠤ ᠮᠠᠨ ᠤ ᠬᠤᠲᠠ ᠳᠤ ᠪᠣᠳᠠᠲᠠᠶᠢᠵᠢᠭᠤᠯᠤᠨ | ᠪᠣᠯᠪᠠᠰᠤᠷᠠᠭᠤᠯᠵᠤ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠦᠭᠰᠡᠨ ᠠᠵᠤ ᠠᠬᠤᠶᠢᠯᠠᠯ ᠳᠤ 5000 ᠲᠥᠭᠦᠷᠢᠭ | / 40 ᠳᠤᠬᠤᠢ ᠴᠢᠩᠭᠡᠯᠢᠭ ᠤᠨ ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠨ᠎ᠠ᠃ ᠳᠤᠮᠳᠠᠳᠤ ᠧᠦ᠋ᠷᠣᠫᠠ ︵ | ᠳᠤᠮᠳᠠᠳᠤ ᠠᠽᠢᠶ᠎ᠠ︶ ᠶᠢᠨ ᠡᠭᠡᠯᠵᠢ ᠶᠢᠨ ᠭᠠᠯᠲᠤ ᠲᠡᠷᠭᠡ ︵ᠤᠯᠠᠭᠠᠨᠬᠠᠳᠠ︶ ᠶᠢ ᠠᠰᠢᠭᠯᠠᠨ ᠭᠠᠷ ᠳᠠᠮᠵᠢᠭᠰᠠᠨ | ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠠᠵᠤ | ᠠᠬᠤᠶᠢᠯᠠᠯ ᠳᠤ 2000 ᠲᠣᠬᠤᠶ ᠴᠢᠩᠭᠡᠯᠢᠭ ᠤᠨ ᠪᠠᠷᠢᠮᠵᠢᠶ᠎ᠠ ᠪᠠᠷ ᠨᠥᠬᠦᠪᠥᠷᠢ ᠥᠭᠴᠦ᠂ ᠭᠠᠭᠴᠠ ᠠᠵᠤ | ᠠᠬᠤᠶᠢᠯᠠᠯ ᠤᠨ ᠨᠥᠬᠦᠪᠥᠷᠢ ᠶᠢᠨ ᠵᠣᠭᠤᠰ ᠤᠨ ᠲᠤᠭ᠎ᠠ ᠶᠢ ᠵᠢᠯ ᠪᠦᠷᠢ ᠬᠠᠮᠤᠭ ᠤᠨ ᠥᠨᠳᠥᠷ ᠲᠡᠭᠡᠨ 200 ᠲᠦᠮᠡᠨ | ᠲᠥᠭᠦᠷᠢᠭ ᠠᠴᠠ ᠳᠠᠪᠠᠭᠤᠯᠬᠤ ᠥᠬᠡᠶ᠃ | ᠳᠥᠷᠪᠡ᠂ ᠠᠵᠤ ᠠᠬᠤᠶᠢᠯᠠᠯ ᠤᠨ ᠪᠠᠷᠠᠭ᠎ᠠ ᠶᠢᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠶᠢ | ᠲᠡᠳᠬᠦᠬᠦ ᠬᠡᠷᠡᠭᠲᠡᠶ᠃ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠬᠦ ᠪᠠᠷ ᠭᠠᠷᠳᠠᠴᠠ ᠪᠣᠯᠭᠠᠨ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠩᠭᠢᠯᠠᠭ᠎ᠠ ᠶᠢᠨ ᠡᠵᠡᠩᠨᠡᠯᠲᠡ ᠶᠢᠨ ᠦᠢᠯᠡᠴᠢᠯᠡᠭᠡᠨ ᠤ | ᠴᠢᠨᠠᠷᠲᠠᠶ ᠠᠵᠤ ᠠᠬᠤᠶᠢᠯᠠᠯ ᠢ ᠳᠡᠮᠵᠢᠵᠦ ᠪᠠᠶᠢᠭᠠᠳ ︽ᠵᠠᠰᠠᠮᠠᠯ ᠵᠠᠮ ᠢ ᠲᠡᠮᠦᠷ ᠵᠠᠮ ᠢᠶᠠᠷ ᠲᠡᠬᠡᠬᠡᠪᠦᠷᠢᠯᠡᠬᠦ︾ ᠪᠤᠶᠤ ︽ | ᠵᠠᠰᠠᠮᠠᠯ ᠵᠠᠮ ᠲᠡᠮᠦᠷ ᠵᠠᠮ ᠲᠡᠯᠡᠶ ᠲᠡᠯᠡᠶ ᠬᠤᠯᠪᠣᠭᠠᠯᠠᠨ ᠲᠡᠭᠡᠭᠡᠪᠦᠷᠢᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠰᠠᠷ᠎ᠠ ᠶᠢᠨ ᠳᠤᠮᠳᠠᠴᠢ ᠲᠡᠭᠡᠭᠡᠪᠦᠷᠢᠯᠡᠬᠦ | ᠬᠡᠮᠵᠢᠶ᠎ᠡ ᠶᠢ 60TEU ᠠᠴᠠ ᠳᠤᠲᠠᠭᠤ ᠪᠠᠶᠢᠯᠭᠠᠵᠤ ᠪᠣᠯᠬᠤ ᠦᠭᠡᠢ ᠪᠠᠶᠢᠪᠠᠯ᠂ 1500 ᠲᠥᠭᠦᠷᠢᠭ / 20 | ᠲᠣᠬᠤᠢ᠂ 2800 ᠲᠥᠭᠦᠷᠢᠭ / 40 ᠲᠤᠬᠤᠢ ᠬᠠᠶᠢᠷᠴᠠᠭ ᠤᠨ ᠪᠠᠷᠢᠮᠵᠢᠶ᠎ᠠ ᠪᠠᠷ ᠨᠥᠬᠦᠪᠥᠷᠢ ᠶᠢᠨ ᠳᠡᠮᠵᠢᠯᠭᠡ | ᠦᠵᠡᠭᠦᠯᠦᠨ᠎ᠡ᠃ | ᠲᠠᠪᠤ᠂ ᠪᠣᠭᠤᠮᠲᠠ ᠶᠢᠨ ᠲᠠᠯᠠᠪᠤᠷ ᠭᠠᠵᠠᠷ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠨ᠎ᠡ᠃ | ᠤᠯᠠᠭᠠᠨᠬᠠᠳᠠ ᠪᠣᠭᠤᠮᠲᠠ ᠵᠢᠴᠢ ᠬᠢᠨᠠᠨ ᠬᠠᠮᠢᠶᠠᠷᠬᠤ ᠲᠠᠯᠠᠪᠤᠷ ᠭᠠᠵᠠᠷ ᠤᠨ ᠡᠵᠡᠩᠨᠡᠯᠲᠡ ᠦᠢᠯᠡᠴᠢᠯᠡᠭᠡᠨ ᠤ ᠴᠢᠨᠠᠷᠲᠠᠶ | ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠨᠢ ᠪᠣᠭᠤᠮᠲᠠ ᠪᠠᠷ ᠥᠩᠭᠡᠷᠡᠬᠦ ᠴᠠᠭ ᠢ ᠪᠣᠭᠤᠨᠢᠰᠬᠠᠬᠤ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ | ᠲᠥᠷᠥᠯ ᠵᠦᠢᠯ ᠳᠤ ᠪᠣᠳᠠᠲᠠᠶ ᠵᠠᠷᠤᠯᠭ᠎ᠠ ᠶᠢᠨ ᠵᠣᠭᠤᠰ ᠤᠨ ᠲᠤᠭ᠎ᠠ ᠶᠢ ᠦᠨᠳᠦᠰᠦᠯᠡᠨ ᠬᠠᠮᠤᠭ ᠤᠨ ᠥᠨᠳᠥᠷ ᠲᠡᠭᠡᠨ | 30% ᠶᠢᠨ ᠬᠠᠷᠢᠴᠠᠯ ᠠᠴᠠ ᠳᠠᠪᠠᠭᠤᠯᠬᠤ ᠥᠬᠡᠶ ᠳᠡᠮᠵᠢᠯᠭᠡ ᠦᠵᠡᠭᠦᠯᠵᠦ᠂ ᠲᠠᠩ ᠭᠠᠭᠴᠠ ᠲᠥᠷᠥᠯ ᠵᠦᠢᠯ ᠤᠨ | ᠳᠡᠮᠵᠢᠯᠭᠡ ᠶᠢᠨ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ | ᠳᠠᠪᠠᠭᠤᠯᠬᠤ ᠥᠬᠡᠶ᠃ | ᠵᠢᠷᠭᠤᠭ᠎ᠠ᠂ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠳᠡᠮᠵᠢᠬᠦ ᠬᠡᠷᠡᠭᠲᠡᠶ᠃ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ | ᠬᠢᠯᠢ ᠶᠢᠨ ᠳᠣᠲᠣᠷᠠᠬᠢ ᠭᠠᠳᠠᠭᠠᠳᠤ ᠦᠵᠡᠭᠦᠯᠦᠯᠭᠡ ᠪᠠ ᠵᠥᠪᠳᠡᠯᠴᠡᠭᠡ ᠬᠢᠬᠦ ᠠᠵᠢᠯᠯᠠᠭ᠎ᠠ ᠳᠤ ᠣᠷᠣᠯᠴᠠᠵᠤ᠂ ᠠᠵᠤ | ᠠᠬᠤᠶᠢᠯᠠᠯ ᠳᠤ 70% ᠶᠢᠨ ᠦᠵᠡᠭᠦᠯᠦᠯᠭᠡ ᠶᠢᠨ ᠪᠠᠶᠢᠷᠢ ᠶᠢᠨ ᠰᠦᠢᠳᠬᠡᠯ ᠤᠨ ᠨᠥᠬᠦᠪᠥᠷᠢ ᠣᠯᠭᠤᠵᠤ᠂ ᠭᠠᠭᠴᠠ | ᠵᠦᠢᠯ ᠤᠨ ᠬᠢᠯᠢ ᠶᠢᠨ ᠭᠠᠳᠠᠨᠠᠬᠢ ᠦᠵᠡᠰᠬᠦᠯᠡᠩ ᠨᠢ 2 ᠲᠦᠮᠡᠨ ᠲᠥᠭᠦᠷᠢᠭ ᠢ ᠳᠠᠪᠠᠭᠤᠯᠬᠤ ᠦᠭᠡᠶ᠂ ᠬᠢᠯᠢ ᠶᠢᠨ | ᠳᠣᠲᠣᠷᠠᠬᠢ ᠦᠵᠡᠰᠬᠦᠯᠡᠩ ᠨᠢ 1 ᠲᠦᠮᠡᠨ ᠲᠥᠭᠦᠷᠢᠭ ᠢ ᠳᠠᠪᠠᠭᠤᠯᠬᠤ ᠦᠭᠡᠶ᠃ ᠠᠵᠤ ᠠᠬᠤᠶᠢᠯᠠᠯ ᠤᠨ | ᠢᠲᠡᠭᠡᠮᠵᠢ ᠶᠢ ᠪᠤᠶᠢᠵᠢᠭᠤᠯᠬᠤ ᠶᠢ ᠴᠢᠩᠭᠠᠳᠬᠠᠵᠤ᠂ ᠲᠤᠬᠠᠶ ᠶᠢᠨ ᠵᠢᠯ ᠳᠤ AEO ᠪᠣᠭᠤᠮᠲᠠ ᠶᠢᠨ ᠳᠡᠭᠡᠳᠦ | ᠵᠡᠷᠭᠡ ᠶᠢᠨ ᠭᠡᠷᠡᠴᠢᠯᠡᠯ ᠣᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 5 | ᠲᠦᠮᠡᠨ ᠲᠥᠭᠦᠷᠢᠭ ᠱᠠᠩᠨᠠᠨ᠎ᠠ᠃ | ᠳᠣᠯᠤᠭ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠨ᠎ᠡ᠃ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠪᠣᠭᠤᠮᠲᠠ ᠳᠤ | ᠮᠡᠳᠡᠭᠦᠯᠵᠦ ᠪᠠᠶᠢᠴᠠᠭᠠᠯᠭᠠᠬᠤ᠂ ᠪᠠᠷᠠᠭᠠᠨ ᠤ ᠭᠦᠢᠯᠭᠡᠭᠡ᠂ ᠳ᠋ᠦᠩᠨᠡᠨ ᠪᠤᠳᠤᠬᠤ᠂ ᠢᠲᠡᠭᠡᠮᠵᠢ ᠶᠢᠨ ᠳᠠᠭᠠᠳᠬᠠᠯ᠂ ᠪᠡᠯᠡ | ᠲᠣᠬᠢᠷᠠᠭᠤᠯᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ ᠥᠪᠡᠷᠲᠡᠭᠡᠨ ᠵᠠᠰᠠᠬᠤ ᠣᠷᠣᠨ ᠤ ᠲᠡᠰ ᠤᠨ | ᠮᠠᠭᠠᠳᠯᠠᠨ ᠲᠣᠭᠲᠠᠭᠠᠭᠰᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ | ᠨᠢᠭᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠨᠠᠢᠮᠠ᠂ ᠭᠠᠳᠠᠭᠠᠳᠤ ᠪᠡᠯᠡ ᠶᠢ ᠣᠷᠣᠭᠤᠯᠬᠤ ᠪᠠ ᠠᠰᠢᠭᠯᠠᠬᠤ ᠶᠢ ᠳᠡᠮᠵᠢᠨ᠎ᠡ᠃ ᠲᠤᠬᠠᠶ ᠶᠢᠨ ᠵᠢᠯ ᠳᠤ | ᠰᠢᠨ᠎ᠡ ᠪᠠᠷ ᠪᠠᠶᠢᠭᠤᠯᠤᠭᠰᠠᠨ ᠪᠤᠶᠤ ᠨᠡᠮᠡᠭᠳᠡᠭᠰᠡᠨ ᠪᠡᠯᠡ ︵ᠠᠰᠢᠭ ᠬᠤᠨᠵᠢᠪᠣᠷᠢ ᠶᠢᠨ ᠳᠠᠬᠢᠨ ᠪᠡᠯᠡ ᠣᠷᠣᠭᠤᠯᠤᠯᠲᠠ | ᠪᠠᠭᠲᠠᠨ᠎ᠠ︶ ᠶᠢᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠢ ᠪᠦᠷᠢᠯᠳᠦᠭᠦᠯᠦᠭᠰᠡᠨ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ︵ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠲᠥᠷᠥᠯ ᠤᠨ ᠮᠥᠩᠭᠦᠨ ᠭᠦᠢᠯᠭᠡᠭᠡᠨ ᠤ | ᠦᠢᠯᠡᠰ ᠤᠨ ᠲᠥᠷᠥᠯ ᠵᠦᠢᠯ ᠪᠠᠭᠲᠠᠬᠤ ᠦᠭᠡᠶ︶ ᠮᠥᠷᠲᠡᠭᠡᠨ ᠪᠡᠯᠡ ᠮᠥᠩᠭᠦ ᠶᠢ ᠨᠢ ᠭᠤᠤᠯᠳᠠᠭᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠤᠭᠰᠠᠨ ᠪᠤᠶᠤ ᠥᠭᠡᠷᠡᠴᠢᠯᠡᠨ ᠳᠡᠰ | ᠳᠡᠪᠰᠢᠭᠦᠯᠬᠦ᠂ ᠰᠢᠨ᠎ᠡ ᠦᠢᠯᠡᠳᠬᠦᠨ ᠰᠤᠳᠤᠯᠤᠨ ᠨᠡᠭᠡᠭᠡᠬᠦ᠂ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠭᠰᠡᠨ ᠪᠣᠯ᠂ | ᠲᠤᠬᠠᠶ ᠶᠢᠨ ᠵᠢᠯ ᠤᠨ ᠪᠣᠳᠠᠲᠠᠶ ᠠᠰᠢᠭᠯᠠᠭᠰᠠᠨ ᠭᠠᠳᠠᠭᠠᠳᠤ ᠪᠡᠯᠡ ᠶᠢᠨ ᠵᠣᠭᠤᠰ ᠤᠨ ᠲᠤᠭ᠎ᠠ ᠶᠢᠨ ᠪᠠᠶᠢᠳᠠᠯ ᠢᠶᠠᠷ ᠨᠢ | ᠵᠣᠬᠢᠬᠤ ᠱᠠᠩᠨᠠᠯ ᠣᠯᠭᠤᠵᠤ᠂ ᠭᠠᠭᠴᠠ ᠠᠵᠤ ᠠᠬᠤᠶᠢᠯᠠᠯ ᠤᠨ ᠱᠠᠩᠨᠠᠯ ᠤᠨ ᠵᠣᠭᠤᠰ ᠤᠨ ᠲᠤᠭ᠎ᠠ ᠪᠠᠷ ᠬᠠᠮᠤᠭ ᠤᠨ | ᠥᠨᠳᠥᠷ ᠨᠢ 1000 ᠲᠦᠮᠡᠨ ᠲᠥᠭᠦᠷᠢᠭ ᠪᠣᠯᠤᠨ᠎ᠠ᠃ ᠪᠥᠬᠦ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ᠂ ᠠᠵᠤ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠳᠠᠶᠢᠴᠢᠯᠠᠬᠤ ᠦᠢᠯᠡᠳᠦᠯ ᠲᠠᠢ ᠪᠥᠭᠡᠳ | ᠡᠳ᠋ ᠤᠨ ᠵᠠᠰᠠᠭ ᠲᠤ ᠦᠷᠭᠦᠯᠵᠢᠯᠡᠨ ᠬᠤᠪᠢ ᠨᠡᠮᠡᠷᠢ ᠦᠵᠡᠭᠦᠯᠬᠦ ᠨᠣᠷᠮ᠎ᠠ ᠪᠠᠷ ᠶᠡᠭᠡ ᠭᠠᠳᠠᠭᠠᠳᠤ ᠪᠡᠯᠡ ᠶᠢᠨ ᠲᠥᠷᠥᠯ | ᠵᠦᠢᠯ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ | | ᠲᠣᠰ ᠲᠥᠷᠥ ᠶᠢᠨ ᠪᠣᠳᠣᠯᠭ᠎ᠠ ᠶᠢ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠵᠤ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ | ᠬᠡᠷᠡᠭᠵᠢᠭᠦᠯᠦᠨ᠎ᠡ᠃ ᠬᠤᠯᠪᠣᠭᠳᠠᠬᠤ ᠱᠠᠩᠨᠠᠯ ᠤᠨ ᠪᠠᠯᠠ ᠮᠥᠩᠭᠦ ᠶᠢ ᠳᠡᠭᠡᠳᠦ ᠱᠠᠲᠤᠨ ᠤ ᠲᠤᠰᠬᠠᠶ ᠪᠠᠯᠠ | ᠮᠥᠩᠭᠦ ᠠᠴᠠ ᠭᠠᠳᠠᠨ᠎ᠠ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠬᠤᠶᠠᠷ ᠱᠠᠲᠤᠨ ᠠᠴᠠ 8᠄ 2 | ᠬᠠᠮᠲᠤ ᠶᠢᠨ ᠬᠤᠪᠢᠶᠠᠨ ᠡᠭᠦᠷᠭᠡᠯᠡᠵᠦ᠂ ᠪᠣᠳᠠᠲᠠᠶ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠵᠦᠭᠯᠡᠭᠦᠷ ᠢ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠠᠰ ᠲᠤᠨᠢ | ᠲᠣᠭᠲᠠᠭᠠᠨ᠎ᠠ᠃ |