ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ﹇2024﹈ 204 ᠳ᠋ᠦ᠋ᠭᠡᠷ ᠲᠣᠭᠠᠲᠤ | ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠡᠮᠦᠨ᠎ᠡ ᠪᠡᠶ᠎ᠡ ᠵᠡᠷᠭᠡ ᠵᠢᠷᠭᠤᠭᠠᠨ ᠬᠡᠰᠡᠭ | ᠭᠠᠵᠠᠷ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ | ᠲᠣᠬᠢᠷᠠᠭᠤᠯᠤᠯᠲᠠ ᠶᠢᠨ ᠲᠥᠰᠥᠯ ︵2022 – 2023 ᠣᠨ︶︾ ᠤᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠲᠠ ᠶᠢᠨ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠡᠮᠦᠨ᠎ᠡ ᠪᠡᠶ᠎ᠡ ᠵᠡᠷᠭᠡ | ᠵᠢᠷᠭᠤᠭᠠᠨ ᠬᠡᠰᠡᠭ ᠭᠠᠵᠠᠷ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ | ᠲᠣᠬᠢᠷᠠᠭᠤᠯᠤᠯᠲᠠ ᠶᠢᠨ ᠲᠥᠰᠥᠯ ︵2022 – 2023 ᠣᠨ︶ ᠤᠨ ᠲᠤᠬᠠᠢ ᠡᠰᠢᠯᠡᠯᠲᠡ︾ ︵ᠤᠯᠠᠭᠠᠨᠬᠠᠳᠠ | ᠵᠠᠰᠠᠭ ᠮᠡᠳᠡᠭᠦᠯᠦᠯᠲᠡ ﹇2024﹈ 126 ᠳ᠋ᠤᠭᠠᠷ ᠲᠣᠭᠠᠲᠤ︶ ᠶᠢ ᠭᠥᠯᠢᠶᠡᠨ ᠠᠪᠴᠤ ᠣᠶᠢᠯᠠᠭᠠᠯ᠎ᠠ᠃ ᠡᠳᠦᠭᠡ | ᠳᠣᠣᠷᠠᠬᠢ ᠮᠡᠲᠦ ᠴᠣᠬᠤᠯᠠᠪᠤᠷᠢᠯᠠᠪᠠ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠡᠮᠦᠨ᠎ᠡ ᠪᠡᠶ᠎ᠡ ᠵᠡᠷᠭᠡ ᠵᠢᠷᠭᠤᠭᠠᠨ ᠬᠡᠰᠡᠭ ᠭᠠᠵᠠᠷ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ | ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2023 ᠣᠨ︶︾ ᠨᠢ ︽ | ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽ | ︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ | ᠲᠣᠭᠲᠠᠭᠠᠯ ﹇2023﹈ 7 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ | ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ | ᠳᠦᠷᠢᠮ ᠳᠤ ᠨᠡᠶᠢᠴᠡᠵᠦ ᠪᠠᠶᠢᠨ᠎ᠠ᠃ ᠡᠶᠢᠨ ᠬᠦ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠡᠮᠦᠨ᠎ᠡ | ᠪᠡᠶ᠎ᠡ ᠵᠡᠷᠭᠡ ᠵᠢᠷᠭᠤᠭᠠᠨ ᠬᠡᠰᠡᠭ ᠭᠠᠵᠠᠷ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ | ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2023 ᠣᠨ︶︾ ᠢ ᠵᠠᠷᠴᠢᠮ ᠳᠡᠭᠡᠷ᠎ᠡ ᠪᠠᠨ | ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃ | 2024 ᠣᠨ ᠤ 10 ᠳ᠋ᠤᠭᠠᠷ ᠰᠠᠷ᠎ᠠ ᠶᠢᠨ 24 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |