︵2024 ᠣᠨ ᠤ 6 ᠰᠠᠷ᠎ᠠ ᠶᠢᠨ 28 ᠤ ᠡᠳᠦᠷ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ | ᠬᠤᠷᠠᠯᠳᠤᠭᠠᠨ ᠠᠴᠠ ᠪᠠᠲᠤᠯᠠᠪᠠ︶ | ᠨᠢᠭᠡᠳᠦᠭᠡᠷ ᠵᠦᠢᠯ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠪᠠᠷ ᠤᠷᠢᠳᠴᠢᠯᠠᠨ | ᠰᠡᠷᠭᠡᠶᠢᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠣᠶ ᠰᠢᠭᠤᠶ | ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ | ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ | ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠣᠷᠣᠨ ᠤ ᠣᠶ ᠰᠢᠭᠤᠶ᠂ ᠨᠤᠲᠤᠭ ᠪᠡᠯᠴᠢᠭᠡᠷ᠂ ᠣᠶᠢᠲᠤ ᠭᠠᠵᠠᠷ᠂ ᠡᠪᠡᠰᠦᠲᠦ ᠭᠠᠵᠠᠷ᠂ ᠲᠠᠷᠢᠶᠠᠨ ᠭᠠᠵᠠᠷ ᠵᠢᠴᠢ | ᠲᠡᠭᠦᠨ ᠤ ᠬᠥᠪᠡᠭᠡ ᠬᠠᠪᠢ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠲᠤᠰ ᠲᠦᠷᠢᠮ ᠲᠣᠬᠢᠷᠠᠨ᠎ᠠ᠃ | ᠭᠤᠷᠪᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠠᠷᠬᠠᠯᠲᠠ ᠶᠢᠨ | ᠪᠠᠶᠢᠳᠠᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠵᠢᠮ᠎ᠡ ᠶᠣᠰᠣ ᠶᠢ | ᠦᠨᠳᠦᠰᠦᠯᠡᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠢ ᠬᠤᠪᠢᠶᠠᠷᠢᠯᠠᠨ ᠲᠣᠭᠲᠠᠭᠠᠵᠤ᠂ | ᠣᠶ ᠰᠢᠭᠤᠶ᠂ ᠨᠤᠲᠤᠭ ᠪᠡᠯᠴᠢᠭᠡᠷ᠂ ᠣᠶᠢᠲᠤ ᠭᠠᠵᠠᠷ᠂ ᠡᠪᠡᠰᠦᠲᠦ ᠭᠠᠵᠠᠷ᠂ ᠲᠠᠷᠢᠶᠠᠨ ᠭᠠᠵᠠᠷ ᠵᠢᠴᠢ ᠬᠥᠪᠡᠭᠡ | ᠬᠠᠪᠢ ᠶᠢᠨ ᠬᠡᠪᠴᠢᠶ᠎ᠡ ᠪᠠᠨ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠭᠠᠯ ᠰᠡᠷᠭᠡᠶᠢᠯᠡᠬᠦ | ᠣᠷᠣᠨ ᠵᠢᠴᠢ ᠬᠥᠪᠡᠭᠡ ᠬᠠᠪᠢ ᠪᠠᠷ ᠥᠩᠭᠡᠷᠡᠬᠦ ᠵᠠᠮ ᠤᠨ ᠬᠤᠶᠠᠷ ᠬᠠᠵᠠᠭᠤ ᠪᠠᠷ ᠰᠡᠷᠡᠮᠵᠢᠯᠡᠭᠦᠯᠬᠦ ᠲᠡᠮᠳᠡᠭ ᠲᠠᠯᠪᠢᠬᠤ | ᠬᠡᠷᠡᠭᠲᠡᠶ᠃ | ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ ᠵᠢᠯ ᠪᠦᠷᠢ ᠶᠢᠨ 3 | ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠂ 9 ᠰᠠᠷ᠎ᠠ ᠶᠢᠨ 15 ᠤ ᠡᠳᠦᠷ ᠠᠴᠠ | 11 ᠰᠠᠷ᠎ᠠ ᠶᠢᠨ 15 ᠤ ᠡᠳᠦᠷ ᠪᠣᠯᠲᠠᠯ᠎ᠠ ᠪᠣᠯᠤᠨ᠎ᠠ᠃ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠶᠢᠭᠠᠯᠢ ᠶᠢᠨ ᠠᠭᠤᠷ ᠠᠮᠢᠰᠬᠤᠯ ᠤᠨ | ᠨᠥᠬᠦᠴᠡᠯ ᠪᠣᠯᠤᠨ ᠭᠠᠯ ᠤᠨ ᠠᠶᠤᠯ ᠭᠠᠷᠬᠤ ᠵᠢᠮ᠎ᠡ ᠶᠣᠰᠣ ᠶᠢ ᠦᠨᠳᠦᠰᠦᠯᠡᠨ᠂ ᠭᠠᠯ ᠰᠡᠷᠭᠡᠶᠢᠯᠡᠬᠦ | ᠬᠤᠭᠤᠴᠠᠭᠠᠨ ᠳᠤ ᠤᠷᠢᠳᠴᠢᠯᠠᠨ ᠣᠷᠣᠬᠤ ᠪᠤᠶᠤ ᠬᠤᠶᠢᠰᠢᠯᠠᠭᠤᠯᠤᠨ ᠳᠠᠭᠤᠰᠬᠠᠬᠤ ᠪᠠᠷ ᠲᠣᠭᠲᠠᠭᠠᠬᠤ ᠶᠢᠨ ᠬᠠᠮᠲᠤ | ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠭᠠᠯ ᠰᠡᠷᠭᠡᠶᠢᠯᠡᠬᠦ ᠬᠤᠭᠤᠴᠠᠭᠠᠨ ᠳᠤ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠬᠡᠷᠡᠭᠴᠡᠭᠡ ᠪᠠᠨ ᠦᠨᠳᠦᠰᠦᠯᠡᠨ ᠵᠠᠷᠯᠢᠭ ᠨᠡᠶᠢᠲᠡᠯᠡᠵᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠂ | ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠭᠡᠵᠦ ᠮᠡᠳᠡᠬᠦ ᠦᠢᠯᠡᠳᠪᠦᠷᠢᠯᠡᠯ ᠠᠮᠢᠳᠤᠷᠠᠯ ᠳᠤ | ᠬᠡᠷᠡᠭᠯᠡᠬᠦ ᠭᠠᠯ ᠢ ᠴᠢᠩᠭ᠎ᠠ ᠬᠠᠮᠢᠶᠠᠷᠬᠤ ᠬᠡᠷᠡᠭᠲᠡᠢ᠃ | ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯ ᠬᠡᠭᠡᠷ᠎ᠡ ᠭᠠᠳᠠᠨᠠᠬᠢ ᠭᠠᠯ | ᠰᠡᠷᠭᠡᠶᠢᠯᠡᠬᠦ ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠤ᠂ ᠬᠡᠭᠡᠷ᠎ᠡ ᠭᠠᠳᠠᠨᠠᠬᠢ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠶᠢᠨ ᠣᠷᠣᠨ ᠬᠤᠪᠢᠶᠠᠷᠢᠯᠠᠵᠤ᠂ | ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠬᠤ ᠶᠢᠨ ᠬᠠᠮᠲᠤ ᠬᠡᠭᠡᠷ᠎ᠡ ᠭᠠᠳᠠᠨᠠᠬᠢ ᠭᠠᠯ ᠰᠡᠷᠭᠡᠶᠢᠯᠡᠬᠦ ᠠᠵᠢᠯ ᠢ ᠬᠠᠷᠠᠯᠲᠠᠲᠤ | ᠬᠠᠮᠢᠶᠠᠷᠤᠯᠲᠠ ᠶᠢᠨ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ | ᠲᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠭᠡᠷ᠎ᠡ ᠭᠠᠳᠠᠨᠠᠬᠢ ᠭᠠᠯ ᠤᠨᠲᠠᠷᠠᠭᠠᠬᠤ ᠶᠢ | ᠶᠡᠷᠦᠩᠬᠡᠶᠢᠯᠡᠨ ᠵᠢᠯᠣᠭᠤᠳᠴᠤ ᠵᠣᠬᠢᠴᠠᠭᠤᠯᠬᠤ ᠶᠢ ᠬᠠᠷᠢᠭᠤᠴᠠᠵᠤ᠂ ᠭᠠᠯ ᠤᠨ ᠠᠶᠤᠯ ᠢ ᠬᠢᠨᠠᠨ ᠬᠡᠮᠵᠢᠵᠦ | ᠰᠡᠷᠡᠮᠵᠢᠯᠡᠭᠦᠯᠬᠦ ᠪᠠ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ ᠦᠷᠨᠢᠭᠦᠯᠬᠦ | ᠬᠡᠷᠡᠭᠲᠡᠢ᠃ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠡᠭᠡᠷ᠎ᠡ | ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠪᠠ ᠭᠠᠯ ᠭᠠᠷᠤᠭᠰᠠᠨ ᠬᠡᠷᠡᠭ ᠢ ᠪᠠᠶᠢᠴᠠᠭᠠᠵᠤ ᠢᠯᠡᠷᠡᠭᠦᠯᠬᠦ ᠠᠵᠢᠯ ᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠨᠢ ᠲᠠᠷᠢᠮᠠᠯ ᠤᠨ ᠡᠰᠢ ᠰᠦᠷᠡᠯ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠵᠡᠷᠭᠡ ᠰᠢᠲᠠᠮᠠᠬᠠᠶ ᠪᠣᠳᠠᠰ ᠢ | ᠡᠭᠡᠭᠦᠯᠦᠨ ᠬᠤᠷᠢᠶᠠᠵᠤ ᠰᠢᠢᠳᠪᠦᠷᠢᠯᠡᠵᠦ ᠠᠰᠢᠭᠯᠠᠬᠤ ᠶᠢ ᠬᠠᠷᠢᠭᠤᠴᠠᠨ ᠵᠢᠯᠣᠭᠤᠳᠤᠨ᠎ᠠ᠃ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ | ᠲᠠᠬᠢᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠴᠠᠭ ᠠᠭᠤᠷ ᠤᠨ | ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠪᠥᠬᠦ ᠬᠤᠲᠠ ᠵᠢᠴᠢ ᠭᠤᠤᠯᠳᠠᠯᠭ᠎ᠠ ᠲᠠᠢ ᠣᠶ ᠰᠢᠭᠤᠶ ᠶᠢᠨ ᠮᠠᠯᠵᠢᠬᠤ | ᠣᠷᠣᠨ᠂ ᠭᠤᠤᠯᠳᠠᠯᠭ᠎ᠠ ᠲᠠᠢ ᠴᠠᠭ ᠦᠶ᠎ᠡ ᠶᠢᠨ ᠴᠠᠭ ᠠᠭᠤᠷ ᠤᠨ ᠬᠢᠨᠠᠨ ᠬᠡᠮᠵᠢᠯᠲᠡ ᠶᠢᠨ ᠪᠦᠲᠦᠭᠡᠭᠳᠡᠬᠦᠨ ᠢ | ᠬᠠᠷᠢᠭᠤᠴᠠᠨ ᠬᠠᠩᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ ᠠᠭᠤᠷ ᠤᠨ ᠵᠡᠷᠭᠡ | ᠳᠡᠰ ᠤᠨ ᠤᠷᠢᠳᠴᠢᠯᠠᠨ ᠮᠡᠳᠡᠭᠡᠯᠡᠯ ᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠢ᠃ | ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠡᠳ᠋ ᠤᠨ ᠵᠠᠰᠠᠭ᠂ ᠠᠮᠢ ᠠᠬᠤᠶ ᠶᠢᠨ ᠣᠷᠴᠢᠨ | ᠲᠣᠭᠤᠷᠢᠨ᠂ ᠰᠣᠶᠣᠯ ᠵᠢᠭᠤᠯᠴᠢᠯᠠᠯ᠂ ᠡᠨᠧᠷᠭᠢ ᠵᠡᠷᠭᠡ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ | ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠡᠭᠡᠷ᠎ᠡ ᠭᠠᠳᠠᠨ᠎ᠠ ᠭᠠᠯ ᠰᠡᠷᠭᠡᠶᠢᠯᠡᠬᠦ ᠬᠠᠮᠢᠶ᠎ᠠ ᠪᠦᠬᠦᠢ | ᠠᠵᠢᠯ ᠢ ᠰᠠᠶᠢᠲᠤᠷ ᠬᠢᠬᠦ ᠬᠡᠷᠡᠭᠲᠡᠶ᠃ | ᠵᠢᠷᠭᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ ᠬᠡᠭᠡᠷ᠎ᠡ ᠭᠠᠳᠠᠨᠠᠬᠢ ᠭᠠᠯ | ᠰᠡᠷᠭᠡᠶᠢᠯᠡᠬᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠡᠭᠡᠷ᠎ᠡ ᠭᠠᠳᠠᠨ᠎ᠠ ᠭᠠᠯ ᠰᠡᠷᠭᠡᠶᠢᠯᠡᠬᠦ ᠮᠡᠳᠡᠯᠭᠡ ᠶᠢᠨ | ᠪᠣᠯᠪᠠᠰᠤᠷᠠᠭᠤᠯᠤᠯ ᠪᠠ ᠭᠠᠯ ᠲᠦᠢᠮᠡᠷ ᠢ ᠳᠠᠷᠤᠵᠤ ᠠᠶᠤᠯ ᠠᠴᠠ ᠠᠪᠤᠷᠠᠬᠤ ᠰᠣᠷᠢᠯᠲᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠢ ᠵᠢᠯᠣᠭᠤᠳᠤᠨ | ᠣᠯᠠᠨ ᠲᠦᠮᠡᠨᠴᠢ ᠴᠢᠨᠠᠷᠲᠠᠶ ᠭᠠᠯ ᠰᠡᠷᠭᠡᠶᠢᠯᠡᠬᠦ ᠠᠵᠢᠯ ᠢ ᠥᠷᠨᠢᠭᠦᠯᠬᠦ ᠬᠡᠷᠡᠭᠲᠡᠶ᠃ | ᠳᠣᠯᠣᠳᠤᠭᠠᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ | ᠬᠡᠭᠡᠷ᠎ᠡ ᠭᠠᠳᠠᠨᠠᠬᠢ ᠭᠠᠯ ᠰᠡᠷᠭᠡᠶᠢᠯᠡᠬᠦ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠲᠣᠰᠬᠤᠨ ᠤ ᠠᠷᠠᠳ᠂ ᠰᠠᠭᠤᠭᠠᠯᠢ ᠠᠷᠠᠳ ᠤᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠡᠳᠦᠷ ᠲᠤᠲᠤᠮ ᠤᠨ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | ᠨᠠᠢᠮᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠡᠭᠡᠷ᠎ᠡ | ᠭᠠᠳᠠᠨᠠᠬᠢ ᠭᠠᠯ ᠰᠡᠷᠭᠡᠶᠢᠯᠡᠬᠦ ᠲᠥᠯᠥᠪᠵᠢᠭᠦᠯᠭᠡ ᠶᠢ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ | ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠡᠭᠡᠨ ᠣᠷᠣᠭᠤᠯᠵᠤ᠂ ᠬᠠᠮᠢᠶᠠᠷᠤᠯᠲᠠ ᠶᠢᠨ ᠵᠠᠷᠤᠳᠠᠯ ᠢ ᠲᠤᠰ | ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠬᠡᠷᠡᠭᠲᠡᠶ᠃ | ᠶᠢᠰᠦᠳᠦᠭᠡᠷ ᠵᠦᠢᠯ ᠭᠠᠯ ᠰᠡᠷᠭᠡᠶᠢᠯᠡᠬᠦ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠄ | ︵ᠨᠢᠭᠡ︶ ᠬᠦᠵᠢ ᠯᠠ ᠠᠰᠠᠭᠠᠵᠤ᠂ ᠴᠠᠭᠠᠰᠤᠨ ᠵᠣᠭᠤᠰ᠂ ᠴᠠᠭᠠᠰᠤᠨ ᠲᠠᠬᠢᠯᠭ᠎ᠠ ᠶᠢᠨ ᠪᠣᠳᠠᠰ ᠰᠢᠲᠠᠭᠠᠬᠤ᠃ | ︵ᠬᠤᠶᠠᠷ︶ ᠠᠲᠠᠷ ᠭᠠᠵᠠᠷ ᠢ ᠰᠢᠲᠠᠭᠠᠬᠤ᠂ ᠲᠠᠷᠢᠶᠠᠨ ᠭᠠᠵᠠᠷ ᠤᠨ ᠦᠯᠡᠳᠡᠭᠳᠡᠯ ᠪᠣᠳᠠᠰ ᠢ ᠰᠢᠲᠠᠭᠠᠬᠤ᠃ | ︵ᠭᠤᠷᠪᠠ︶ ᠬᠤᠪᠠᠭ᠋ᠠᠢ ᠰᠠᠯᠠᠭ᠎ᠠ᠂ ᠬᠤᠭ ᠨᠤᠪᠰᠢ ᠰᠢᠲᠠᠭᠠᠬᠤ᠃ | ︵ᠲᠦᠷᠪᠡ︶ ᠭᠠᠯ ᠤᠨ ᠰᠤᠷᠪᠤᠯᠵᠢ ᠶᠢ ᠳᠤᠷ᠎ᠠ ᠪᠠᠷ ᠭᠡᠭᠡᠬᠦ᠂ ᠲᠠᠮᠠᠬᠢ ᠲᠠᠲᠠᠬᠤ᠃ | ︵ᠲᠠᠪᠤ︶ ᠭᠠᠯ ᠢᠶᠠᠷ ᠳᠤᠯᠠᠭᠠᠴᠠᠬᠤ᠂ ᠬᠡᠭᠡᠷ᠎ᠡ ᠬᠤᠭᠤᠯᠠᠯᠯᠠᠬᠤ᠂ ᠭᠠᠯ ᠤᠨ ᠪᠠᠭᠠᠷ ᠤᠨ ᠭᠡᠷᠡᠯᠳᠦᠭᠦᠯᠭᠡ ᠬᠢᠬᠦ᠃ | ︵ᠵᠢᠷᠭᠤᠭ᠎ᠠ︶ ᠲᠦᠳᠡᠭ ᠭᠠᠯ ᠠᠰᠠᠭᠠᠬᠤ᠂ ᠬᠤᠸᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ᠃ | ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠬᠡᠭᠡᠷ᠎ᠡ ᠭᠠᠳᠠᠨᠠᠬᠢ ᠭᠠᠯ | ᠬᠡᠷᠡᠭᠯᠡᠬᠦ ᠦᠢᠯᠡ ᠠᠵᠢᠯᠯᠠᠭ᠎ᠠ ᠬᠢᠬᠦ᠃ | ᠠᠷᠪᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠠᠬᠢᠯᠭ᠎ᠠ ᠬᠢᠬᠦ ᠭᠠᠯ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠣᠷᠣᠨ ᠤ ᠲᠣᠭᠤᠷᠢᠨ | ᠪᠠᠶᠢᠴᠠᠭᠠᠬᠤ ᠶᠢ ᠴᠢᠩᠭᠠᠳᠬᠠᠨ᠂ ᠭᠠᠯ ᠤᠨ ᠠᠶᠤᠯ ᠬᠢᠯᠪᠠᠷᠬᠠᠨ ᠭᠠᠷᠬᠤ ᠲᠠᠬᠢᠯᠭ᠎ᠠ ᠬᠢᠬᠦ ᠳᠤ ᠭᠠᠯ ᠬᠡᠷᠡᠭᠯᠡᠬᠦ ᠦᠢᠯᠡ | ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠵᠤ ᠵᠣᠭᠰᠣᠭᠠᠬᠤ ᠬᠡᠷᠡᠭᠲᠡᠶ᠂ ᠶᠠᠮᠠᠷᠪᠠ ᠬᠥᠮᠦᠨ ᠬᠠᠷᠰᠢᠯᠠᠨ | ᠡᠰᠡᠷᠭᠦᠴᠡᠵᠦ ᠪᠣᠯᠬᠤ ᠦᠭᠡᠶ᠃ | ᠠᠷᠪᠠᠨ ᠨᠢᠭᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠬᠢᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠪᠠᠨ ᠴᠢᠩᠭᠠᠳᠬᠠᠵᠤ᠂ ᠰᠢᠲᠠᠭᠠᠯᠭ᠎ᠠ ᠶᠢᠨ ᠪᠤᠰᠤ ᠲᠥᠷᠥᠯ ᠤᠨ ᠲᠠᠬᠢᠯᠭ᠎ᠠ ᠶᠢᠨ ᠬᠡᠷᠡᠭᠰᠡᠯ ᠢ | ᠬᠡᠷᠡᠭᠯᠡᠬᠦ ᠶᠢ ᠰᠠᠨᠠᠭᠠᠴᠢᠯᠠᠵᠤ᠂ ᠠᠷᠠᠳ ᠢᠷᠭᠡᠳ ᠤᠨ ᠵᠠᠩ ᠳᠠᠳᠬᠠᠯ ᠢ ᠥᠭᠡᠷᠡᠴᠢᠯᠡᠬᠦ᠂ ᠪᠣᠬᠢᠷᠲᠤᠯ ᠦᠭᠡᠢ᠂ | ᠪᠣᠯᠪᠠᠰᠤᠨ ᠠᠷᠭ᠎ᠠ ᠮᠠᠶ᠋ᠢᠭ ᠢ ᠬᠡᠷᠡᠭᠯᠡᠬᠦ ᠶᠢ ᠬᠥᠲᠥᠯᠥᠨ ᠵᠢᠯᠣᠭᠤᠳᠴᠤ ᠵᠣᠷᠢᠭᠵᠢᠭᠤᠯᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠨᠥᠬᠦᠴᠡᠯ ᠪᠦᠷᠢᠳᠦᠭᠦᠯᠦᠭᠰᠡᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ | ᠰᠠᠭᠤᠭᠠᠯᠢ ᠠᠷᠠᠳ ᠤᠨ ᠵᠥᠪᠯᠡᠯ ᠪᠣᠯᠤᠨ ᠲᠣᠰᠬᠤᠨ ᠤ ᠠᠷᠠᠳ ᠤᠨ ᠳᠤᠭᠤᠶᠢᠯᠠᠩ ᠨᠢ ᠭᠠᠯ ᠰᠡᠷᠭᠡᠶᠢᠯᠡᠬᠦ | ᠱᠠᠭᠠᠷᠳᠠᠯᠭ᠎ᠠ ᠳᠤ ᠨᠡᠶᠢᠴᠡᠭᠰᠡᠨ ᠣᠯᠠᠨ ᠨᠡᠶᠢᠲᠡ ᠶᠢᠨ ᠲᠠᠬᠢᠯᠭ᠎ᠠ ᠶᠢᠨ ᠭᠠᠵᠠᠷ ᠭᠠᠷᠭᠠᠵᠤ᠂ ᠠᠷᠠᠳ ᠢᠷᠭᠡᠳ ᠢ | ᠵᠣᠬᠢᠶᠠᠨ ᠪᠠᠶᠢᠭᠤᠯᠵᠤ᠂ ᠬᠥᠲᠥᠯᠥᠨ ᠵᠢᠯᠣᠭᠤᠳᠴᠤ ᠪᠠᠶᠢᠭᠠᠳ ᠲᠥᠪᠯᠡᠷᠡᠭᠦᠯᠦᠨ ᠲᠠᠬᠢᠯᠭ᠎ᠠ ᠲᠠᠬᠢᠬᠤ ᠶᠢ | ᠵᠣᠷᠢᠭᠵᠢᠭᠤᠯᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠪᠣᠯᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠳᠤ | ᠬᠡᠷᠡᠭᠯᠡᠬᠦ ᠨᠢᠮᠭᠡᠨ ᠪᠦᠷᠬᠦᠭᠦᠯ ᠵᠡᠷᠭᠡ ᠲᠠᠷᠢᠶᠠᠯᠠᠩ ᠳᠤ ᠣᠷᠣᠭᠤᠯᠬᠤ ᠡᠳ᠋ ᠪᠣᠯᠤᠨ ᠲᠠᠷᠢᠮᠠᠯ ᠤᠨ ᠡᠰᠢ ᠰᠦᠷᠡᠯ ᠢ | ᠡᠭᠡᠭᠦᠯᠦᠨ ᠬᠤᠷᠢᠶᠠᠵᠤ ᠰᠢᠢᠳᠪᠦᠷᠢᠯᠡᠵᠦ ᠠᠰᠢᠭᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠲᠠᠷᠢᠶᠠᠨ ᠭᠠᠵᠠᠷ ᠬᠡᠷᠡᠭᠯᠡᠭᠴᠢ ᠦᠯᠡᠳᠡᠭᠳᠡᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠵᠡᠷᠭᠡ ᠲᠠᠷᠢᠶᠠᠯᠠᠩ ᠤᠨ | ᠣᠷᠣᠭᠤᠯᠤᠯᠲᠠ ᠶᠢᠨ ᠡᠳ᠋ ᠪᠣᠯᠤᠨ ᠲᠠᠷᠢᠮᠠᠯ ᠤᠨ ᠡᠰᠢ ᠰᠦᠷᠡᠯ᠂ ᠪᠤᠵᠠᠷ ᠡᠪᠡᠰᠦ ᠶᠢ ᠴᠠᠭ ᠲᠤᠬᠠᠶ ᠳᠤᠨᠢ ᠴᠡᠪᠡᠷᠯᠡᠵᠦ | ᠂ ᠭᠠᠯ ᠤᠨ ᠠᠶᠤᠯ ᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠦᠨᠡᠨᠬᠦ ᠲᠠᠷᠢᠶᠠᠯᠠᠩ ᠤᠨ ᠦᠢᠯᠡᠳᠪᠦᠷᠢᠯᠡᠯ ᠬᠡᠷᠡᠭᠴᠡᠭᠡ ᠠᠴᠠ ᠪᠣᠯᠵᠤ | ᠵᠠᠳᠠᠷᠠᠭᠤᠯᠵᠤ ᠳᠡᠶᠢᠯᠬᠦ ᠦᠭᠡᠢ ᠲᠠᠷᠢᠮᠠᠯ ᠤᠨ ᠦᠨᠳᠦᠰᠦᠨ ᠭᠤᠤᠷᠰᠤ᠂ ᠲᠠᠷᠢᠶᠠᠨ ᠭᠠᠵᠠᠷ ᠤᠨ ᠬᠡᠷᠢᠶ᠎ᠡ ᠡᠪᠡᠰᠦ ᠪᠠ | ᠲᠠᠷᠢᠶᠠᠨ ᠳᠠᠯᠠᠩ᠂ ᠲᠠᠷᠢᠶᠠᠨ ᠭᠠᠵᠠᠷ ᠤᠨ ᠬᠥᠪᠡᠭᠡ ᠬᠠᠪᠢ ᠶᠢᠨ ᠣᠶ ᠶᠢᠨ ᠬᠤᠷᠮᠣᠶ ᠶᠢᠨ ᠰᠢᠲᠠᠮᠠᠬᠠᠶ ᠪᠣᠳᠠᠰ ᠢ | ᠰᠢᠲᠠᠭᠠᠬᠤ ᠬᠡᠷᠡᠭᠲᠡᠶ ᠪᠣᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠥᠰᠦᠯ ᠳᠤᠷᠠᠳᠴᠤ᠂ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ | ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ ᠲᠥᠯᠥᠪᠯᠡᠭᠡ ᠲᠠᠢ ᠪᠠᠷ ᠲᠥᠪᠯᠡᠷᠡᠭᠦᠯᠦᠨ ᠰᠢᠲᠠᠭᠠᠵᠤ ᠬᠠᠶᠠᠬᠤ | ᠬᠡᠷᠡᠭᠲᠡᠶ᠃ | ᠠᠷᠪᠠᠨ ᠲᠠᠪᠤᠳᠤᠭᠠᠷ ᠵᠦᠢᠯ ᠲᠥᠯᠥᠪᠯᠡᠭᠡ ᠶᠢ ᠬᠡᠷᠡᠭᠵᠢᠭᠦᠯᠬᠦ ᠠᠴᠠ ᠡᠮᠦᠨ᠎ᠡ᠂ ᠭᠠᠯ ᠬᠡᠷᠡᠭᠯᠡᠬᠦ ᠠᠴᠠ ᠡᠮᠦᠨ᠎ᠡ | ᠬᠥᠷᠰᠢ ᠵᠡᠷᠭᠡᠯᠡᠳᠡᠭᠡ ᠭᠠᠵᠠᠷ ᠣᠷᠣᠨ ᠳᠤ ᠮᠡᠳᠡᠭᠳᠡᠬᠦ ᠬᠡᠷᠡᠭᠲᠡᠶ᠃ ᠭᠠᠯ ᠬᠡᠷᠡᠭᠯᠡᠬᠦ ᠳᠡᠭᠡᠨ ᠬᠠᠮᠢᠶ᠎ᠠ ᠪᠦᠬᠦᠢ | ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠤᠳᠤᠷᠢᠳᠬᠤ ᠬᠥᠮᠦᠰ ᠨᠢ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ | ᠭᠠᠷᠭᠠᠵᠤ᠂ ᠭᠠᠯ ᠤᠨᠲᠠᠷᠠᠭᠠᠬᠤ ᠬᠥᠮᠦᠰ ᠲᠣᠬᠢᠷᠠᠭᠤᠯᠤᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠡᠯᠡᠳᠬᠡᠵᠦ᠂ | ᠲᠤᠰᠬᠠᠶ ᠬᠥᠮᠦᠨ ᠲᠣᠬᠢᠷᠠᠭᠤᠯᠤᠨ ᠭᠠᠯ ᠬᠡᠷᠡᠭᠯᠡᠬᠦ ᠲᠤᠬᠠᠶ ᠶᠢᠨ ᠲᠠᠯᠠᠪᠤᠷ ᠢ ᠬᠢᠨᠠᠨ ᠬᠠᠮᠢᠶᠠᠷᠤᠭᠤᠯᠵᠤ᠂ ᠭᠠᠯ | ᠬᠡᠷᠡᠭᠯᠡᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠬᠡᠷᠡᠭᠲᠡᠶ᠃ ᠭᠠᠯ ᠬᠡᠷᠡᠭᠯᠡᠵᠦ ᠳᠠᠭᠤᠰᠤᠭᠰᠠᠨ ᠤ ᠳᠠᠷᠠᠭ᠎ᠠ ᠭᠠᠯ ᠬᠡᠷᠡᠭᠯᠡᠬᠦ ᠭᠠᠵᠠᠷ ᠢ ᠪᠠᠶᠢᠴᠠᠭᠠᠨ ᠴᠡᠪᠡᠷᠯᠡᠵᠦ᠂ | ᠢᠯᠡ ᠭᠠᠯ ᠪᠠ ᠭᠠᠯ ᠤᠨ ᠣᠴᠢ ᠶᠢ ᠲᠤᠤᠱᠲᠠᠶ ᠤᠨᠲᠠᠷᠠᠭᠠᠬᠤ ᠶᠢ ᠦᠨᠡᠨᠬᠦ ᠪᠠᠲᠤᠯᠠᠵᠤ᠂ ᠭᠠᠯ ᠭᠠᠷᠬᠤ ᠠᠴᠠ | ᠰᠡᠷᠭᠡᠶᠢᠯᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠭᠠᠯ ᠰᠡᠷᠭᠡᠶᠢᠯᠡᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠭᠠᠯ ᠰᠡᠷᠭᠡᠶᠢᠯᠡᠬᠦ ᠲᠦᠷ ᠴᠠᠭ ᠤᠨ ᠪᠠᠶᠢᠴᠠᠭᠠᠬᠤ | ᠥᠷᠲᠡᠭᠡ ᠪᠠᠶᠢᠭᠤᠯᠵᠤ᠂ ᠭᠠᠯ ᠰᠡᠷᠭᠡᠶᠢᠯᠡᠬᠦ ᠣᠷᠣᠨ ᠳᠤ ᠣᠷᠣᠬᠤ ᠲᠡᠷᠭᠡ ᠬᠥᠰᠬᠡ ᠪᠣᠯᠤᠨ ᠬᠥᠮᠦᠰ ᠲᠤ ᠭᠠᠯ | ᠰᠡᠷᠭᠡᠶᠢᠯᠡᠬᠦ ᠪᠦᠷᠢᠳᠬᠡᠯ᠂ ᠠᠶᠤᠯ ᠦᠭᠡᠶ ᠶᠢᠨ ᠪᠠᠶᠢᠴᠠᠭᠠᠯᠲᠠ ᠪᠣᠯᠤᠨ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ | ᠬᠢᠵᠦ᠂ ᠭᠠᠯ ᠰᠡᠷᠭᠡᠶᠢᠯᠡᠬᠦ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ ᠬᠡᠷᠡᠭᠲᠡᠶ᠂ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠬᠠᠷᠰᠢᠯᠠᠵᠤ᠂ ᠲᠡᠪᠴᠢᠵᠦ ᠪᠣᠯᠬᠤ ᠦᠭᠡᠶ᠃ | ᠠᠷᠪᠠᠨ ᠳᠣᠯᠣᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠶ ᠰᠢᠭᠤᠶ ᠪᠠ ᠨᠤᠲᠤᠭ | ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ᠂ ᠭᠠᠯ ᠰᠡᠷᠭᠡᠶᠢᠯᠡᠬᠦ ᠣᠷᠣᠨ ᠤ ᠳᠣᠲᠣᠷᠠᠬᠢ ᠬᠤᠯᠪᠣᠭᠳᠠᠯ ᠪᠦᠬᠦᠢ ᠨᠢᠭᠡᠴᠡ ᠶᠢᠨ ᠭᠠᠯ ᠰᠡᠷᠭᠡᠶᠢᠯᠡᠬᠦ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ | ᠲᠥᠬᠦᠭᠡᠷᠦᠮᠵᠢ ᠲᠣᠬᠢᠷᠠᠭᠤᠯᠤᠭᠰᠠᠨ ᠵᠡᠷᠭᠡ ᠪᠠᠶᠢᠳᠠᠯ ᠳᠤ ᠪᠠᠶᠢᠴᠠᠭᠠᠯᠲᠠ ᠬᠢᠬᠦ ᠬᠡᠷᠡᠭᠲᠡᠶ᠃ ᠪᠠᠶᠢᠴᠠᠭᠠᠬᠤ ᠶᠠᠪᠤᠴᠠ ᠳᠤ | ᠣᠯᠵᠤ ᠮᠡᠳᠡᠭᠰᠡᠨ ᠭᠠᠯ ᠤᠨ ᠠᠶᠤᠯ ᠤᠨ ᠳᠠᠯᠳᠠ ᠭᠡᠮ ᠢ ᠬᠤᠯᠪᠣᠭᠳᠠᠯ ᠪᠦᠬᠦᠢ ᠨᠢᠭᠡᠴᠡ ᠳᠤ ᠴᠠᠭ ᠲᠤᠬᠠᠶ ᠳᠤᠨᠢ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠥᠭᠡᠷᠡᠴᠢᠯᠡᠭᠦᠯᠵᠦ᠂ ᠳᠠᠯᠳᠠ ᠭᠡᠮ ᠢ ᠠᠷᠢᠯᠭᠠᠬᠤ ᠬᠡᠷᠡᠭᠲᠡᠶ᠃ ᠪᠠᠶᠢᠴᠠᠭᠠᠭᠳᠠᠬᠤ ᠨᠢᠭᠡᠴᠡ ᠨᠢ ᠢᠳᠡᠪᠬᠢᠲᠡᠶ | ᠬᠠᠮᠵᠢᠯᠴᠠᠬᠤ ᠬᠡᠷᠡᠭᠲᠡᠶ᠂ ᠬᠠᠷᠰᠢᠯᠠᠬᠤ ᠪᠤᠶᠤ ᠬᠤᠷᠢᠭᠯᠠᠵᠤ ᠪᠣᠯᠬᠤ ᠦᠭᠡᠶ᠃ | ᠠᠷᠪᠠᠨ ᠨᠠᠢᠮᠠᠳᠤᠭᠠᠷ ᠵᠦᠢᠯ ᠶᠠᠮᠠᠷᠪᠠ ᠨᠢᠭᠡᠴᠡ ᠪᠠ ᠬᠤᠪᠢ ᠬᠥᠮᠦᠨ ᠲᠤᠰ ᠳᠦᠷᠢᠮ ᠠᠴᠠ ᠵᠥᠷᠢᠴᠡᠭᠰᠡᠨ | ᠬᠡᠭᠡᠷ᠎ᠡ ᠭᠠᠳᠠᠨᠠᠬᠢ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ᠂ ᠵᠠᠭᠠᠯᠳᠤᠬᠤ ᠡᠷᠬᠡ ᠲᠠᠢ᠃ | ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠦᠷᠢᠮ ᠪᠠᠶᠢᠭᠤᠯᠬᠤ ᠬᠡᠷᠡᠭᠲᠡᠢ | ᠃ | ᠠᠷᠪᠠ ᠶᠢᠰᠦᠳᠦᠭᠡᠷ ᠵᠦᠢᠯ ᠲᠤᠰ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠲᠥᠷᠥ ᠶᠢᠨ | ᠶᠠᠪᠤᠳᠠᠯ ᠤᠨ ᠬᠤᠷᠢᠶᠠᠨ ᠤ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ | ᠰᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠬᠤᠷᠢᠳᠤᠭᠠᠷ ᠵᠦᠢᠯ ᠲᠤᠰ ᠳᠦᠷᠢᠮ ᠤᠨ ᠶᠢᠰᠦᠳᠦᠭᠡᠷ ᠵᠦᠢᠯ ᠤᠨ ᠲᠣᠭᠲᠠᠭᠠᠯ ᠠᠴᠠ ᠵᠦᠷᠢᠴᠡᠭᠰᠡᠨ᠂ ᠭᠠᠯ | ᠰᠡᠷᠭᠡᠶᠢᠯᠡᠬᠦ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠬᠡᠭᠡᠷ᠎ᠡ | ᠭᠠᠳᠠᠨ᠎ᠠ ᠭᠠᠯ ᠬᠡᠷᠡᠭᠯᠡᠭᠰᠡᠨ ᠪᠤᠶᠤ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ | ᠪᠣᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠵᠤ ᠵᠣᠭᠰᠣᠭᠠᠨ᠂ ᠰᠡᠷᠡᠮᠵᠢ | ᠥᠭᠴᠦ᠂ ᠬᠤᠪᠢ ᠬᠥᠮᠦᠨ ᠢ 300 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠵᠤ᠂ ᠪᠠᠶᠢᠭᠤᠯᠭ᠎ᠠ ᠨᠢᠭᠡᠴᠡ ᠶᠢ 10000 ᠲᠥᠭᠦᠷᠢᠭ ᠠᠴᠠ ᠳᠡᠭᠡᠭᠰᠢ 50000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠤᠯᠭ᠎ᠠ ᠵᠢᠴᠢ ᠠᠵᠢᠯᠲᠠᠨ ᠬᠡᠭᠡᠷ᠎ᠡ ᠭᠠᠳᠠᠨ᠎ᠠ ᠭᠠᠯ ᠰᠡᠷᠭᠡᠶᠢᠯᠡᠬᠦ | ᠠᠵᠢᠯ ᠤᠨ ᠳᠤᠮᠳᠠ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠦᠬᠦᠢ | ᠭᠤᠤᠯᠴᠢᠯᠠᠨ ᠬᠠᠮᠢᠶᠠᠷᠤᠭᠴᠢ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ | ᠰᠢᠳᠬᠡᠯ ᠥᠭᠭᠦᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠲᠣᠰ ᠲᠦᠷᠢᠮ ᠢ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |