ᠰᠦᠩᠱᠠᠨ ᠲᠣᠭᠤᠷᠢᠭ ᠤᠨ 1 - 11 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠣᠳᠣᠬᠢ ᠪᠠᠶᠢᠳᠠᠯ
ᠨᠡᠶᠢᠲᠡᠯᠡᠭᠰᠡᠨ ᠴᠠᠭ᠄
2024/11/20
    ᠡᠨᠡ ᠵᠢᠯ ᠠᠴᠠ ᠨᠠᠰᠢ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠵᠢᠯ ᠤᠨ ᠡᠬᠢᠨ ᠤ ᠠᠵᠤ ᠠᠬᠤᠢ ᠶᠢᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠤᠲᠠᠭᠤᠳᠠᠯ ᠢ ᠨᠥᠬᠦᠪᠥᠷᠢᠯᠡᠪᠡ᠃ ᠪᠦᠬᠦ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠵᠣᠬᠢᠰᠲᠠᠢ ᠣᠷᠣᠨ ᠵᠠᠢ ᠳᠤ ᠪᠠᠶᠢᠨ᠎ᠠ᠃    ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2023 ᠣᠨ ᠤ 1 — 11 ᠳ᠋ᠦ᠋ᠭᠡᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠵᠦ᠂ 1 — 10 ᠳ᠋ᠤᠭᠠᠷ ᠰᠠᠷ᠎ᠠ ᠶᠢᠨ ᠬᠢ ᠠᠴᠠ 0.8 ᠵᠠᠭᠤᠨ ᠤ ᠨᠢᠭᠡᠴᠢ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 56.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠪᠠᠭᠤᠷᠠᠪᠠ᠃    ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 4.5% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 13.6% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 6.1% ᠪᠠᠷ ᠪᠠᠭᠤᠷᠠᠪᠠ᠃    ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 3 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠲᠣᠰ ᠲᠣᠰ ᠲᠦᠭᠡᠭᠡᠯ ᠤᠰᠤᠨ ᠤ ᠭᠠᠷᠤᠯᠲᠠ᠂ ᠪᠣᠯᠪᠠᠰᠤᠷᠠᠭᠤᠯᠤᠭᠰᠠᠨ ᠰᠢᠬᠢᠷ᠂ ᠲᠠᠸᠠᠷ ᠤᠨ ᠪᠧᠲ᠋ᠣᠨ ᠪᠠᠶᠢᠵᠤ᠂ ᠲᠣᠰ ᠲᠣᠰ 19.6%᠂ 18.1%᠂ 11% ᠨᠡᠮᠡᠭᠳᠡᠪᠡ᠃    ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 6.1% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 8 ᠵᠠᠭᠤᠨ ᠤ ᠨᠢᠭᠡᠴᠢ ᠳᠡᠭᠡᠭᠰᠢᠯᠡᠪᠡ᠃    ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    2023 ᠣᠨ ᠤ 1 ᠰᠠᠷ᠎ᠠ ᠠᠴᠠ 11 ᠳ᠋ᠦ᠋ᠭᠡᠷ ᠰᠠᠷ᠎ᠠ ᠪᠣᠯᠲᠠᠯ᠎ᠠ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.9 % ᠪᠠᠷ ᠨᠡᠮᠡᠭᠳᠡᠵᠦ᠂ 1 - 10 ᠳ᠋ᠤᠭᠠᠷ ᠰᠠᠷ᠎ᠠ ᠶᠢᠨ ᠬᠢ ᠠᠴᠠ 7.2 ᠵᠠᠭᠤᠨ ᠤ ᠨᠢᠭᠡᠴᠢ ᠪᠠᠭᠤᠷᠠᠪᠠ᠃ ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.7% ᠪᠠᠷ ᠪᠠᠭᠤᠷᠠᠪᠠ᠃    ᠠᠵᠤ ᠦᠢᠯᠡᠰ ᠠᠴᠠ ᠦᠵᠡᠪᠡᠯ᠃ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 3.7% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢᠨ 89.7% ᠶᠢ ᠡᠵᠡᠯᠡᠵᠦ᠂ ᠪᠥᠬᠦ ᠪᠡᠯᠡ ᠣᠷᠣᠭᠤᠯᠤᠯᠲᠠ ᠶᠢ 3.5 ᠵᠠᠭᠤᠨ ᠤ ᠴᠡᠭ ᠳᠣᠷᠣᠭᠰᠢ ᠲᠠᠲᠠᠪᠠ᠃    ᠭᠤᠤᠯᠳᠠᠯᠭ᠎ᠠ ᠲᠠᠢ ᠬᠦᠷᠢᠶᠡᠨ ᠤ ᠪᠡᠯᠡ ᠣᠷᠣᠭᠤᠯᠤᠯᠲᠠ ᠠᠴᠠ ᠦᠵᠡᠪᠡᠯ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 4.7% ᠪᠠᠭᠤᠷᠠᠵᠤ᠂ ᠪᠦᠬᠦ ᠪᠡᠯᠡ ᠣᠷᠣᠭᠤᠯᠤᠯᠲᠠ 3.2 ᠵᠠᠭᠤᠨ ᠤ ᠨᠢᠭᠡᠴᠢ ᠪᠠᠭᠤᠷᠠᠪᠠ᠃    ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠲᠤᠭ᠎ᠠ ᠠᠴᠠ ᠦᠵᠡᠪᠡᠯ᠃ ᠪᠠᠷᠢᠯᠭ᠎ᠠ ᠶᠢᠨ ᠲᠥᠷᠥᠯ ᠵᠦᠢᠯ 150 ᠪᠠᠶᠢᠵᠤ᠂ ᠬᠥᠮᠥᠷᠭᠡ ᠶᠢᠨ ᠲᠥᠷᠥᠯ ᠵᠦᠢᠯ ᠤᠨ 88% ᠶᠢ ᠡᠵᠡᠯᠡᠪᠡ᠃    ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ    2023 ᠣᠨ ᠤ 1 — 11 ᠳ᠋ᠦ᠋ᠭᠡᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 1.3% ᠨᠡᠮᠡᠭᠳᠡᠵᠦ᠂ 1 — 10 ᠳ᠋ᠤᠭᠠᠷ ᠰᠠᠷ᠎ᠠ ᠶᠢᠨ ᠬᠢ ᠠᠴᠠ 2 ᠵᠠᠭᠤᠨ ᠤ ᠴᠡᠭ ᠪᠠᠭᠤᠷᠠᠪᠠ᠃    ᠭᠤᠣᠯ ᠪᠣᠯᠬᠤ ᠲᠠᠸᠠᠷ ᠤᠨ ᠪᠣᠷᠣᠯᠠᠭᠤᠯᠭ᠎ᠠ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠨᠢᠭᠡᠴᠢ ᠶᠢᠨ ᠠᠮᠤ ᠪᠤᠳᠠᠭ᠎ᠠ᠂ ᠢᠳᠡᠰᠢᠨ ᠨᠣᠭᠤᠭ᠎ᠠ᠂ ᠭᠤᠶᠣᠯᠠᠯ ᠤᠨ ᠡᠳ᠋ ᠪᠠ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 31.5%᠂ 12.2%᠂ 51.2% ᠪᠠ 39.5% ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号