ᠰᠦᠩᠱᠠᠨ ᠲᠤᠭᠤᠷᠢᠭ 2023 ᠤᠨ ᠤ ᠠᠵᠤ ᠠᠬᠤᠢ ᠶᠢᠨ ᠠᠵᠢᠯᠯᠠᠭᠠᠨ ᠤ ᠤᠳᠤᠬᠢ ᠪᠠᠶᠢᠳᠠᠯ
ᠨᠡᠶᠢᠲᠡᠯᠡᠭᠰᠡᠨ ᠴᠠᠭ᠄
2024/11/20
    2023 ᠣᠨ ᠳᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠤᠯᠠᠨ ᠤᠳᠠᠭ᠎ᠠ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠪᠡ᠃ ᠪᠦᠬᠦ ᠲᠤᠭᠤᠷᠢᠭ ᠤᠨ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢᠨ ᠪᠠᠶᠢᠳᠠᠯ ᠢ ᠪᠠᠲᠤᠯᠠᠪᠠ᠃    ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 313.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 1.9% ᠨᠡᠮᠡᠭᠳᠡᠪᠡ᠃ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠠᠴᠠ 1.5 ᠵᠠᠭᠤᠨ ᠤ ᠬᠤᠪᠢ ᠳᠡᠭᠡᠭᠰᠢᠯᠡᠪᠡ᠃ᠠᠵᠤ ᠦᠢᠯᠡᠰ ᠢᠶᠠᠷ ᠬᠤᠪᠢᠶᠠᠪᠠᠯ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 69.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ GDP ᠶᠢᠨ ᠨᠡᠮᠡᠭᠳᠡᠯ ᠢ 1.1 ᠵᠠᠭᠤᠨ ᠤ ᠬᠤᠪᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 60.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.4% ᠪᠠᠷ ᠪᠠᠭᠤᠷᠠᠵᠤ᠂ GDP ᠶᠢᠨ ᠨᠡᠮᠡᠭᠳᠡᠯ ᠤᠨ ᠬᠤᠷᠳᠤᠴᠠ ᠶᠢ 3.2 ᠵᠠᠭᠤᠨ ᠤ ᠬᠤᠪᠢ ᠳᠤᠷᠤᠭᠰᠢ ᠲᠠᠲᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 183.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠨ᠂ GDP ᠶᠢᠨ ᠨᠡᠮᠡᠭᠳᠡᠯ ᠢ 4 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠪᠡ᠃    ᠬᠤᠶᠠᠷ᠂ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ ᠵᠢᠭᠠᠰᠤᠨ ᠠᠵᠤ ᠠᠬᠤᠢ    2023 ᠣᠨ ᠳᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠶᠡᠷᠦᠩᠬᠡᠶ ᠦᠢᠯᠡᠳᠬᠦᠨ ᠤ ᠥᠷᠲᠡᠭ 111.1 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ︵4.9% ︶  ᠤ ᠬᠢ ᠠᠴᠠ 0.7 ᠵᠠᠭᠤᠨ ᠤ ᠬᠤᠪᠢ ᠪᠠᠷ ᠳᠡᠭᠡᠭᠰᠢᠯᠡᠵᠡᠶ᠃    ᠡᠭᠦᠨ ᠳᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 8% ᠨᠡᠮᠡᠭᠳᠡᠪᠡ᠃    ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2023 ᠣᠨ ᠳᠤ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.3% ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 61.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.3 % ᠪᠠᠷ ᠪᠠᠭᠤᠷᠠᠪᠠ᠃    ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠪᠦᠬᠦ ᠲᠣᠭᠤᠷᠢᠭ ᠤᠨ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 14.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.4% ᠪᠠᠷ ᠪᠠᠭᠤᠷᠠᠪᠠ᠃    ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 3 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠲᠣᠰ ᠲᠣᠰ ᠲᠦᠭᠡᠭᠡᠯ ᠤᠰᠤᠨ ᠤ ᠭᠠᠷᠤᠯᠲᠠ᠂ ᠲᠠᠸᠠᠷ ᠤᠨ ᠪᠧᠲ᠋ᠣᠨ ᠪᠠ ᠬᠤᠪᠣᠷ ᠰᠢᠷᠣᠢ ᠶᠢᠨ ᠲᠡᠮᠦᠷᠯᠢᠭ ᠠᠭᠤᠷᠬᠠᠢ ᠪᠠᠶᠢᠵᠤ᠂ 16.4%᠂ 10.3% ᠪᠠ 1.8% ᠨᠡᠮᠡᠭᠳᠡᠵᠡᠢ᠃ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.4% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 9 ᠵᠠᠭᠤᠨ ᠤ ᠬᠤᠪᠢ ᠳᠤᠷᠤᠭᠰᠢ ᠲᠠᠲᠠᠪᠠ᠃ᠳᠥᠷᠪᠡ᠂ ᠦᠢᠯᠡᠴᠢᠯᠡᠭᠡᠨ ᠤ ᠦᠢᠯᠡᠰ    2023 ᠣᠨ ᠳᠤ ᠪᠥᠬᠦ ᠲᠣᠭᠤᠷᠢᠭ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 183.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ 58.6% ᠳᠤ ᠬᠥᠷᠪᠡ᠃    1 - 11 ᠳ᠋ᠦ᠋ᠭᠡᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 8 ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ᠂ ᠰᠣᠨᠢᠨ ᠮᠡᠳᠡᠭᠡ ᠪᠠ ᠬᠡᠪᠯᠡᠯ ᠤᠨ ᠦᠢᠯᠡᠰ ᠤᠨ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠡᠶᠡᠷᠭᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠨ᠂ ᠵᠥᠪᠬᠡᠨ ᠪᠥᠬᠦ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 0.4% ᠶᠢ ᠡᠵᠡᠯᠡᠪᠡ᠃    ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠤᠯᠪᠣᠭ᠎ᠠ᠂ ᠷᠠᠳᠢᠣ᠋ ᠲᠧᠯᠸᠢᠰ᠂ ᠳᠠᠭᠠᠭᠤᠯᠢ ᠣᠳᠣᠨ ᠤ ᠳᠠᠮᠵᠢᠭᠤᠯᠭ᠎ᠠ ᠶᠢᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 1.7% ᠪᠠᠷ ᠪᠠᠭᠤᠷᠠᠪᠠ᠃ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 16.3% ᠨᠡᠮᠡᠭᠳᠡᠪᠡ᠃    ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 69.1% ᠪᠠᠷ ᠨᠡᠮᠡᠭᠳᠡᠪᠡ᠃    ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    2023 ᠣᠨ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.5% ᠪᠠᠷ ᠪᠠᠭᠤᠷᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ︵- 14.6% ︶ ᠲᠠᠢ ᠬᠠᠷᠢᠴᠠᠭᠤᠯᠪᠠᠯ 8.1 ᠵᠠᠭᠤᠨ ᠤ ᠬᠤᠪᠢ ᠳᠡᠭᠡᠭᠰᠢᠯᠡᠪᠡ᠃ ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.4% ᠪᠠᠷ ᠪᠠᠭᠤᠷᠠᠪᠠ᠃    ᠭᠤᠤᠯᠳᠠᠯᠭ᠎ᠠ ᠲᠠᠢ ᠬᠦᠷᠢᠶᠡᠨ ᠤ ᠪᠡᠯᠡ ᠣᠷᠣᠭᠤᠯᠤᠯᠲᠠ ᠠᠴᠠ ᠦᠵᠡᠪᠡᠯ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 14.4% ᠳᠤᠷᠤᠭᠰᠢᠯᠠᠵᠤ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 10 ᠵᠠᠭᠤᠨ ᠤ ᠬᠤᠪᠢ ᠪᠠᠭᠤᠷᠠᠪᠠ᠃    ᠵᠢᠷᠭᠤᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ    2023 ᠣᠨ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ᠃    ᠭᠤᠤᠯ ᠲᠠᠸᠠᠷ ᠤᠨ ᠪᠤᠷᠤᠯᠠᠭᠤᠯᠭ᠎ᠠ ᠠᠴᠠ ᠦᠵᠡᠪᠡᠯ᠃ ᠬᠡᠪᠴᠢᠶᠡᠵᠢᠯ ᠠᠴᠠ ᠳᠡᠭᠡᠭᠰᠢᠬᠢ ᠨᠢᠭᠡᠴᠢ ᠶᠢᠨ ᠠᠮᠤ ᠲᠤᠰᠤ᠂ ᠢᠳᠡᠰᠢᠨ ᠨᠤᠭᠤᠭ᠎ᠠ ᠶᠢᠨ ᠲᠦᠷᠦᠯ᠂ ᠭᠤᠶᠤᠯᠠᠯ ᠤᠨ ᠡᠳ᠋ ᠪᠠ ᠡᠳᠤᠷ ᠲᠤᠳᠤᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ ᠲᠤᠰᠪᠤᠷᠢ 31.1%᠂ 14.4%᠂ 49.9% ᠪᠠ 35.9% ᠨᠡᠮᠡᠭᠳᠡᠪᠡ᠃    ᠳᠣᠯᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ    2023 ᠣᠨ ᠳᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32966 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃    ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠬᠤ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 43592 ᠲᠥᠭᠦᠷᠢᠭ ᠲᠤ ᠬᠦᠷᠴᠦ᠂ 4.5% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23019 ᠲᠥᠭᠦᠷᠢᠭ ᠲᠤ ᠬᠦᠷᠴᠦ᠂ 7.3% ᠪᠠᠷ ᠨᠡᠮᠡᠭᠳᠡᠪᠡ᠃    ᠪᠦᠬᠦ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠬᠡᠷᠡᠭᠯᠡᠭᠡ 25324 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.8% ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号