ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ | ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ | ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ | ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | 2024 ᠣᠨ ᠤ 1 - 4 ᠳ᠋ᠦ᠋ᠭᠡᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 22.4 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.2% ᠪᠠᠭᠤᠷᠠᠪᠠ᠃ | ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ | 141.3% ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 8.6% ᠪᠠᠭᠤᠷᠠᠵᠤ᠂ ᠴᠠᠬᠢᠯᠭᠠᠨ ᠬᠦᠴᠦᠨ | ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠨᠡᠮᠡᠭᠳᠡᠯ ᠥᠷᠲᠡᠭ 20.6% ᠪᠠᠭᠤᠷᠠᠪᠠ᠃ | ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ | ᠦᠢᠯᠡᠳᠬᠦᠨ ᠤ ᠳᠣᠲᠣᠷ᠎ᠠ᠂ 1 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ | ᠨᠡᠮᠡᠭᠳᠡᠵᠦ᠂ ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 18. | 9% ᠪᠠᠷ ᠨᠡᠮᠡᠭᠳᠡᠪᠡ᠃ | ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠰᠢᠲᠠᠮᠠᠬᠠᠢ ᠬᠡᠢ | ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 20.6 % ᠪᠠᠷ | ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ ᠶᠢ 13 ᠵᠠᠭᠤᠨ ᠤ ᠬᠤᠪᠢ ᠳᠤᠷᠤᠭᠰᠢ ᠲᠠᠲᠠᠪᠠ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 2024 ᠣᠨ ᠤ 1 - 4 ᠰᠠᠷ᠎ᠠ ᠶᠢᠨ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32% ᠪᠠᠭᠤᠷᠠᠪᠠ᠃ ᠡᠭᠦᠨ ᠳᠤ᠂ 500 ᠲᠦᠮᠡᠨ | ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 7.4% ᠪᠠᠷ ᠪᠠᠭᠤᠷᠠᠪᠠ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.9% ᠪᠠᠷ ᠪᠠᠭᠤᠷᠠᠪᠠ᠃ | ᠲᠦᠷᠦᠯ ᠵᠦᠢᠯ ᠮᠡᠳᠡᠭᠦᠯᠦᠭᠰᠡᠨ ᠲᠤᠭ᠎ᠠ ᠠᠴᠠ ᠦᠵᠡᠪᠡᠯ᠃ 500 ᠲᠦᠮᠡᠨ ᠲᠥᠭᠦᠷᠢᠭ ᠵᠢᠴᠢ ᠲᠡᠭᠦᠨ ᠠᠴᠠ | ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 72 ᠪᠠᠶᠢᠵᠤ᠂ ᠡᠭᠦᠨ ᠳᠤ ᠲᠤᠭ᠎ᠠ ᠮᠡᠳᠡᠭᠦᠯᠦᠭᠰᠡᠨ ᠲᠥᠷᠥᠯ ᠵᠦᠢᠯ | 55 ᠪᠠᠶᠢᠵᠤ᠂ ᠬᠥᠮᠥᠷᠭᠡ ᠳᠠᠬᠢ ᠲᠥᠷᠥᠯ ᠵᠦᠢᠯ ᠢ ᠡᠵᠡᠯᠡᠬᠦ ᠬᠤᠪᠢ ᠶᠢᠨ ᠵᠢᠩ ᠨᠢ ᠵᠥᠪᠬᠡᠨ 76.4% ᠪᠣᠯᠤᠨ᠎ᠠ᠃ | | ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ | 2024 ᠣᠨ ᠤ 1 ᠳ᠋ᠦ᠋ᠭᠡᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.9% ᠪᠠᠷ ᠪᠠᠭᠤᠷᠠᠪᠠ᠃ | ᠭᠤᠣᠯ ᠪᠣᠯᠬᠤ ᠲᠠᠸᠠᠷ ᠤᠨ ᠪᠣᠷᠣᠯᠠᠭᠤᠯᠭ᠎ᠠ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠨᠢᠭᠡᠴᠢ | ᠨᠡᠯᠢᠶᠡᠳ ᠶᠡᠭᠡ ᠨᠡᠮᠡᠭᠳᠡᠭᠰᠡᠨ ᠠᠵᠢᠯ ᠲᠦᠷᠦᠯ ᠨᠢ ᠭᠡᠷ ᠤᠨ ᠴᠠᠬᠢᠯᠭᠠᠨ ᠬᠡᠷᠡᠭᠰᠡᠯ ᠪᠠ ᠢᠳᠡᠰᠢᠨ ᠨᠣᠭᠤᠭ᠎ᠠ ᠶᠢᠨ | ᠲᠦᠷᠦᠯ ᠪᠠᠶᠢᠵᠤ᠂ ᠲᠤᠰ ᠲᠤᠰ 15.2% ᠪᠠ 14.5% ᠨᠡᠮᠡᠭᠳᠡᠪᠡ᠃ |