ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ | ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ | ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ | ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | 2024 ᠣᠨ ᠤ 1 — 5 ᠳ᠋ᠤᠭᠠᠷ ᠰᠠᠷ᠎ᠠ ᠳᠤ᠂ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 25.4 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15 % ᠪᠠᠷ ᠪᠠᠭᠤᠷᠠᠪᠠ᠃ | ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ | 140.6% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 13% ᠪᠠᠷ ᠪᠠᠭᠤᠷᠠᠵᠤ᠂ ᠴᠠᠬᠢᠯᠭᠠᠨ | ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠨᠡᠮᠡᠭᠳᠡᠯ ᠥᠷᠲᠡᠭ 23.1% ᠪᠠᠷ ᠪᠠᠭᠤᠷᠠᠪᠠ᠃ | ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ | ᠦᠢᠯᠡᠳᠬᠦᠨ ᠤ ᠳᠣᠲᠣᠷ᠎ᠠ᠂ 2 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ | ᠨᠡᠮᠡᠭᠳᠡᠵᠦ᠂ ᠡᠭᠦᠨ ᠳᠤ᠂ ᠨᠡᠯᠢᠶᠡᠳ ᠲᠦᠷᠭᠡᠨ ᠢᠶᠠᠷ ᠨᠡᠮᠡᠭᠳᠡᠭᠰᠡᠨ ᠨᠢ ᠱᠦᠢᠨᠢ ᠪᠧᠲ᠋ᠣᠨ ᠤ ᠴᠠᠬᠢᠯᠭᠠᠨ ᠪᠠᠭᠠᠨ᠎ᠠ ᠪᠠ | ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ ᠲᠣᠰ ᠲᠣᠰ 34.7% ᠪᠠ 18.4% ᠪᠠᠷ ᠨᠡᠮᠡᠭᠳᠡᠪᠡ᠃ | ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠰᠢᠲᠠᠮᠠᠬᠠᠶ | ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 23.1% ᠪᠠᠷ | ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ ᠶᠢ 5 ᠵᠠᠭᠤᠨ ᠤ ᠬᠤᠪᠢ ᠳᠤᠷᠤᠭᠰᠢ ᠲᠠᠲᠠᠪᠠ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 2024 ᠣᠨ ᠤ 1 - 5 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.4% ᠪᠠᠷ ᠪᠠᠭᠤᠷᠠᠪᠠ᠃ ᠡᠭᠦᠨ ᠳᠤ᠂ 500 ᠲᠦᠮᠡᠨ | ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.7% ᠪᠠᠷ ᠪᠠᠭᠤᠷᠠᠪᠠ᠃ | ᠲᠦᠷᠦᠯ ᠵᠦᠢᠯ ᠮᠡᠳᠡᠭᠦᠯᠦᠭᠰᠡᠨ ᠲᠤᠭ᠎ᠠ ᠠᠴᠠ ᠦᠵᠡᠪᠡᠯ᠃ 500 ᠲᠦᠮᠡᠨ ᠲᠥᠭᠦᠷᠢᠭ ᠵᠢᠴᠢ ᠲᠡᠭᠦᠨ ᠠᠴᠠ | ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 74 ᠪᠠᠶᠢᠵᠤ᠂ ᠡᠭᠦᠨ ᠳᠤ ᠲᠤᠭ᠎ᠠ ᠮᠡᠳᠡᠭᠦᠯᠦᠭᠰᠡᠨ ᠲᠥᠷᠥᠯ ᠵᠦᠢᠯ | 58 ᠪᠠᠶᠢᠵᠤ᠂ ᠬᠥᠮᠥᠷᠭᠡ ᠳᠠᠬᠢ ᠲᠥᠷᠥᠯ ᠵᠦᠢᠯ ᠤᠨ ᠡᠵᠡᠯᠡᠬᠦ ᠬᠤᠪᠢ ᠶᠢᠨ ᠵᠢᠩ ᠨᠢ ᠵᠥᠪᠬᠡᠨ 78.4% ᠪᠣᠯᠤᠨ᠎ᠠ | ᠃ | ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ | 2024 ᠣᠨ ᠤ 1 — 5 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.8% ᠪᠠᠷ ᠪᠠᠭᠤᠷᠠᠪᠠ᠃ | |