ᠰᠦᠩᠱᠠᠨ ᠲᠣᠭᠤᠷᠢᠭ ᠤᠨ 2024 ᠣᠨ ᠤ 1 - 8 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠣᠳᠣᠬᠢ ᠪᠠᠶᠢᠳᠠᠯ
ᠨᠡᠶᠢᠲᠡᠯᠡᠭᠰᠡᠨ ᠴᠠᠭ᠄
2024/11/20
    ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2024 ᠣᠨ ᠤ 1 - 8 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 33.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.4% ᠪᠠᠭᠤᠷᠠᠪᠠ᠃    ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 150.9% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 14.9% ᠪᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 18.6% ᠪᠠᠷ ᠪᠠᠭᠤᠷᠠᠪᠠ᠃    ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 2 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠱᠦᠢᠨᠢ ᠪᠧᠲ᠋ᠣᠨ ᠤ ᠴᠠᠬᠢᠯᠭᠠᠨ ᠪᠠᠭᠠᠨ᠎ᠠ 50.85% ᠪᠠᠷ ᠨᠡᠮᠡᠭᠳᠡᠵᠦ᠂ ᠲᠦᠭᠡᠭᠡᠯ ᠤᠰᠤᠨ ᠤ ᠺᠣᠮᠫᠠᠨᠢ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠪᠡ᠃     ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 18.6% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ12.1 ᠵᠠᠭᠤᠨ ᠤ ᠬᠤᠪᠢ ᠳᠤᠷᠤᠭᠰᠢ ᠲᠠᠲᠠᠪᠠ᠃    ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    2024 ᠣᠨ ᠤ 1 - 8 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23 % ᠪᠠᠷ ᠪᠠᠭᠤᠷᠠᠪᠠ᠃ ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.4% ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 40.8% ᠪᠠᠭᠤᠷᠠᠪᠠ᠃     ᠲᠦᠷᠦᠯ ᠵᠦᠢᠯ ᠮᠡᠳᠡᠭᠦᠯᠦᠭᠰᠡᠨ ᠲᠤᠭ᠎ᠠ ᠠᠴᠠ ᠦᠵᠡᠪᠡᠯ᠃ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 102 ᠪᠠᠶᠢᠵᠤ᠂ ᠡᠭᠦᠨ ᠳᠤ ᠲᠤᠭ᠎ᠠ ᠮᠡᠳᠡᠭᠦᠯᠦᠭᠰᠡᠨ ᠲᠥᠷᠥᠯ ᠵᠦᠢᠯ 35 ᠪᠠᠶᠢᠵᠤ᠂ ᠬᠥᠮᠥᠷᠭᠡ ᠳᠤ ᠪᠠᠶᠢᠭ᠎ᠠ ᠲᠥᠷᠥᠯ ᠵᠦᠢᠯ ᠤᠨ ᠡᠵᠡᠯᠡᠬᠦ ᠬᠤᠪᠢ ᠶᠢᠨ ᠵᠢᠩ ᠨᠢ ᠵᠥᠪᠬᠡᠨ 34% ᠪᠠᠶᠢᠪᠠ᠃    ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ    2024 ᠣᠨ ᠤ 1 - 8 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.4% ᠪᠠᠷ ᠪᠠᠭᠤᠷᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号