ᠰᠦᠩᠱᠠᠨ ᠲᠣᠭᠤᠷᠢᠭ ᠤᠨ 2024 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠣᠳᠣᠬᠢ ᠪᠠᠶᠢᠳᠠᠯ
ᠨᠡᠶᠢᠲᠡᠯᠡᠭᠰᠡᠨ ᠴᠠᠭ᠄
2024/11/20
    ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶    ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 78.6 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ 3.3 ᠵᠠᠭᠤᠨ ᠤ ᠬᠤᠪᠢ ᠳᠡᠭᠡᠭᠰᠢᠯᠡᠪᠡ᠃ᠠᠵᠤ ᠦᠢᠯᠡᠰ ᠢᠶᠠᠷ ᠬᠤᠪᠢᠶᠠᠪᠠᠯ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 6.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠨ᠂ GDP ᠶᠢᠨ ᠨᠡᠮᠡᠭᠳᠡᠯ ᠨᠡᠮᠡᠭᠳᠡᠯ ᠢ 1.1 ᠵᠠᠭᠤᠨ ᠤ ᠬᠤᠪᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 19.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠨ᠂ GDP ᠶᠢᠨ ᠨᠡᠮᠡᠭᠳᠡᠯ ᠢ 2.8 ᠵᠠᠭᠤᠨ ᠤ ᠬᠤᠪᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 52.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠵᠦ᠂ GDP ᠶᠢᠨ ᠨᠡᠮᠡᠭᠳᠡᠯ ᠢ 0.4 ᠵᠠᠭᠤᠨ ᠤ ᠬᠤᠪᠢ ᠳᠠᠶᠢᠴᠢᠯᠠᠪᠠ᠃    ᠬᠤᠶᠠᠷ᠂ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ ᠵᠢᠭᠠᠰᠤᠨ ᠠᠵᠤ ᠠᠬᠤᠢ    2024 ᠣᠨ ᠤ ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠶᠡᠷᠦᠩᠬᠡᠶ ᠦᠢᠯᠡᠳᠬᠦᠨ ᠤ ᠥᠷᠲᠡᠭ 10.4 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 12.4% ᠨᠡᠮᠡᠭᠳᠡᠪᠡ᠃    ᠡᠭᠦᠨ ᠳᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃    ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2024 ᠣᠨ ᠤ ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 19.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.2 % ᠢᠶᠠᠷ ᠪᠠᠭᠤᠷᠠᠪᠠ᠃    ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 176.7% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.1% ᠪᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.4% ᠪᠠᠷ ᠪᠠᠭᠤᠷᠠᠪᠠ᠃    ᠦᠢᠯᠡᠳᠬᠦᠨ ᠤ ᠭᠠᠷᠤᠯᠲᠠ ᠠᠴᠠ ᠦᠵᠡᠪᠡᠯ᠃ 8 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 2 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠲᠣᠰ ᠲᠣᠰ ᠪᠣᠯᠪᠠᠰᠤᠷᠠᠭᠤᠯᠤᠭᠰᠠᠨ ᠰᠢᠬᠢᠷ ᠪᠠ ᠱᠦᠢᠨᠢ ᠪᠧᠲ᠋ᠣᠨ ᠤ ᠴᠠᠬᠢᠯᠭᠠᠨ ᠪᠠᠭᠠᠨ᠎ᠠ ᠪᠠᠶᠢᠵᠤ᠂ 100% ᠪᠠ 51.6% ᠪᠠᠷ ᠨᠡᠮᠡᠭᠳᠡᠪᠡ᠃ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.4% ᠪᠠᠷ ᠪᠠᠭᠤᠷᠠᠪᠠ᠃ᠳᠥᠷᠪᠡ᠂ ᠦᠢᠯᠡᠴᠢᠯᠡᠭᠡᠨ ᠤ ᠦᠢᠯᠡᠰ2024 ᠣᠨ ᠤ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 52.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ 66.7% ᠳᠤ ᠬᠦᠷᠴᠡᠶ᠃1 — 2 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 10 ᠠᠵᠢᠯ ᠲᠥᠷᠥᠯ ᠤᠨ ᠲᠣᠮᠣ ᠲᠥᠷᠥᠯ ᠳᠤ᠂ ᠰᠣᠨᠢᠨ ᠮᠡᠳᠡᠭᠡ ᠪᠠ ᠬᠡᠪᠯᠡᠯ ᠤᠨ ᠦᠢᠯᠡᠰ ᠤᠨ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 60.4% ᠪᠠᠷ ᠨᠡᠮᠡᠭᠳᠡᠭᠰᠡᠨ ᠪᠣᠯᠪᠠᠴᠤ ᠡᠵᠡᠩᠨᠡᠯᠲᠡ ᠶᠢᠨ ᠣᠷᠣᠯᠭ᠎ᠠ ᠨᠢ ᠵᠥᠪᠬᠡᠨ ᠪᠥᠬᠦ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 0.4% ᠶᠢ ᠡᠵᠡᠯᠡᠪᠡ᠃ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠤᠯᠪᠣᠭ᠎ᠠ᠂ ᠷᠠᠳᠢᠣ᠋ ᠲᠧᠯᠸᠢᠰ᠂ ᠳᠠᠭᠠᠭᠤᠯᠢ ᠣᠳᠣᠨ ᠳᠠᠮᠵᠢᠭᠤᠯᠬᠤ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ᠃ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 11.1% ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 68% ᠶᠢ ᠡᠵᠡᠯᠡᠪᠡ᠃ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9.3% ᠪᠠᠭᠤᠷᠠᠪᠠ᠃ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ2024 ᠣᠨ ᠤ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ᠃ ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1633.3% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.9% ᠪᠠᠷ ᠪᠠᠭᠤᠷᠠᠪᠠ᠃ᠭᠤᠤᠯᠳᠠᠯᠭ᠎ᠠ ᠲᠠᠢ ᠬᠦᠷᠢᠶᠡᠨ ᠤ ᠪᠡᠯᠡ ᠣᠷᠣᠭᠤᠯᠤᠯᠲᠠ ᠠᠴᠠ ᠦᠵᠡᠪᠡᠯ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 31.3 ᠵᠠᠭᠤᠨ ᠤ ᠬᠤᠪᠢ ᠳᠤᠷᠤᠭᠰᠢ ᠲᠠᠲᠠᠪᠠ᠃ᠵᠢᠷᠭᠤᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ2024 ᠣᠨ ᠤ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 4.3% ᠪᠠᠷ ᠪᠠᠭᠤᠷᠠᠪᠠ᠃ᠭᠤᠤᠯ ᠲᠠᠸᠠᠷ ᠤᠨ ᠪᠤᠷᠤᠯᠠᠭᠤᠯᠭ᠎ᠠ ᠠᠴᠠ ᠦᠵᠡᠪᠡᠯ᠃ ᠬᠡᠪᠴᠢᠶᠡᠵᠢᠯ ᠠᠴᠠ ᠳᠡᠭᠡᠭᠰᠢᠬᠢ ᠨᠢᠭᠡᠴᠢ ᠶᠢᠨ ᠨᠡᠯᠢᠶᠡᠳ ᠲᠦᠷᠭᠡᠨ ᠨᠡᠮᠡᠭᠳᠡᠭᠰᠡᠨ ᠠᠵᠢᠯ ᠲᠥᠷᠥᠯ ᠪᠣᠯ ᠢᠳᠡᠰᠢᠨ ᠨᠣᠭᠤᠭ᠎ᠠ ᠶᠢᠨ ᠲᠥᠷᠥᠯ᠂ ᠬᠤᠪᠴᠠᠰᠤᠨ ᠤ ᠲᠥᠷᠥᠯ᠂ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠪᠠ ᠠᠯᠲᠠ ᠮᠥᠩᠭᠦᠨ ᠰᠤᠪᠤᠳ ᠡᠷᠳᠡᠨᠢ ᠶᠢᠨ ᠲᠥᠷᠥᠯ ᠪᠠᠶᠢᠵᠤ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 12.9%᠂ 4.3%᠂ 15.6% ᠪᠠ 11.2% ᠨᠡᠮᠡᠭᠳᠡᠪᠡ᠃ᠳᠣᠯᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ2024 ᠣᠨ ᠤ ᠨᠢᠭᠡᠳᠦᠭᠡᠷ ᠤᠯᠠᠷᠢᠯ ᠳᠤ᠂ ᠪᠥᠬᠦ ᠲᠤᠭᠤᠷᠢᠭ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10071 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.9% ᠨᠡᠮᠡᠭᠳᠡᠪᠡ᠃ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠬᠤ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12792 ᠲᠥᠭᠦᠷᠢᠭ ᠲᠤ ᠬᠦᠷᠴᠦ᠂ 5.6% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6825 ᠲᠥᠭᠦᠷᠢᠭ ᠲᠤ ᠬᠦᠷᠴᠦ᠂ 6.6% ᠪᠠᠷ ᠨᠡᠮᠡᠭᠳᠡᠪᠡ᠃ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 7028 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 % ᠪᠠᠷ ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号