ᠰᠦᠩᠱᠠᠨ ᠲᠣᠭᠤᠷᠢᠭ ᠤᠨ 1 - 4 ᠳ᠋ᠦ᠋ᠭᠡᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠣᠳᠣᠬᠢ ᠪᠠᠶᠢᠳᠠᠯ
ᠨᠡᠶᠢᠲᠡᠯᠡᠭᠰᠡᠨ ᠴᠠᠭ᠄
2024/11/20
    ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2024 ᠣᠨ ᠤ 1 - 4 ᠳ᠋ᠦ᠋ᠭᠡᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 22.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.2% ᠪᠠᠭᠤᠷᠠᠪᠠ᠃    ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 141.3% ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 8.6% ᠪᠠᠭᠤᠷᠠᠵᠤ᠂ ᠴᠠᠬᠢᠯᠭᠠᠨ ᠬᠦᠴᠦᠨ ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 20.6% ᠪᠠᠭᠤᠷᠠᠪᠠ᠃    ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 1 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 18.9% ᠪᠠᠷ ᠨᠡᠮᠡᠭᠳᠡᠪᠡ᠃ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 20.6 % ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 13 ᠵᠠᠭᠤᠨ ᠤ ᠬᠤᠪᠢ ᠳᠤᠷᠤᠭᠰᠢ ᠲᠠᠲᠠᠪᠠ᠃ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    2024 ᠣᠨ ᠤ 1 - 4 ᠰᠠᠷ᠎ᠠ ᠶᠢᠨ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32% ᠪᠠᠭᠤᠷᠠᠪᠠ᠃ ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.4% ᠪᠠᠷ ᠪᠠᠭᠤᠷᠠᠪᠠ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.9% ᠪᠠᠷ ᠪᠠᠭᠤᠷᠠᠪᠠ᠃    ᠲᠦᠷᠦᠯ ᠵᠦᠢᠯ ᠮᠡᠳᠡᠭᠦᠯᠦᠭᠰᠡᠨ ᠲᠤᠭ᠎ᠠ ᠠᠴᠠ ᠦᠵᠡᠪᠡᠯ᠃ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 72 ᠪᠠᠶᠢᠵᠤ᠂ ᠡᠭᠦᠨ ᠳᠤ ᠲᠤᠭ᠎ᠠ ᠮᠡᠳᠡᠭᠦᠯᠦᠭᠰᠡᠨ ᠲᠥᠷᠥᠯ ᠵᠦᠢᠯ 55 ᠪᠠᠶᠢᠵᠤ᠂ ᠬᠥᠮᠥᠷᠭᠡ ᠳᠠᠬᠢ ᠲᠥᠷᠥᠯ ᠵᠦᠢᠯ ᠢ ᠡᠵᠡᠯᠡᠬᠦ ᠬᠤᠪᠢ ᠶᠢᠨ ᠵᠢᠩ ᠨᠢ ᠵᠥᠪᠬᠡᠨ 76.4% ᠪᠣᠯᠤᠨ᠎ᠠ᠃    ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ    2024 ᠣᠨ ᠤ 1 ᠳ᠋ᠦ᠋ᠭᠡᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.9% ᠪᠠᠷ ᠪᠠᠭᠤᠷᠠᠪᠠ᠃    ᠭᠤᠣᠯ ᠪᠣᠯᠬᠤ ᠲᠠᠸᠠᠷ ᠤᠨ ᠪᠣᠷᠣᠯᠠᠭᠤᠯᠭ᠎ᠠ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠨᠢᠭᠡᠴᠢ ᠨᠡᠯᠢᠶᠡᠳ ᠶᠡᠭᠡ ᠨᠡᠮᠡᠭᠳᠡᠭᠰᠡᠨ ᠠᠵᠢᠯ ᠲᠦᠷᠦᠯ ᠨᠢ ᠭᠡᠷ ᠤᠨ ᠴᠠᠬᠢᠯᠭᠠᠨ ᠬᠡᠷᠡᠭᠰᠡᠯ ᠪᠠ ᠢᠳᠡᠰᠢᠨ ᠨᠣᠭᠤᠭ᠎ᠠ ᠶᠢᠨ ᠲᠦᠷᠦᠯ ᠪᠠᠶᠢᠵᠤ᠂ ᠲᠤᠰ ᠲᠤᠰ 15.2% ᠪᠠ 14.5% ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号