ᠰᠦᠩᠱᠠᠨ ᠲᠣᠭᠤᠷᠢᠭ ᠤᠨ 2024 ᠣᠨ ᠤ 1 - 7 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠣᠳᠣᠬᠢ ᠪᠠᠶᠢᠳᠠᠯ
ᠨᠡᠶᠢᠲᠡᠯᠡᠭᠰᠡᠨ ᠴᠠᠭ᠄
2024/11/20
    ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2024 ᠣᠨ ᠤ 1 — 7 ᠳ᠋ᠤᠭᠠᠷ ᠰᠠᠷ᠎ᠠ ᠳᠤ᠂ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 31.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.4% ᠪᠠᠷ ᠪᠠᠭᠤᠷᠠᠪᠠ᠃    ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 144.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 10.3% ᠪᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 17.1% ᠪᠠᠷ ᠪᠠᠭᠤᠷᠠᠪᠠ᠃    ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 2 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠱᠦᠢᠨᠢ ᠪᠧᠲ᠋ᠣᠨ ᠤ ᠴᠠᠬᠢᠯᠭᠠᠨ ᠪᠠᠭᠠᠨ᠎ᠠ 46.9% ᠪᠠᠷ ᠨᠡᠮᠡᠭᠳᠡᠵᠦ᠂ ᠲᠦᠭᠡᠭᠡᠯ ᠤᠰᠤᠨ ᠤ ᠺᠣᠮᠫᠠᠨᠢ ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠪᠡ᠃    ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 17.1% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 11.37 ᠵᠠᠭᠤᠨ ᠤ ᠬᠤᠪᠢ ᠳᠤᠷᠤᠭᠰᠢ ᠲᠠᠲᠠᠪᠠ᠃    ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    2024 ᠣᠨ ᠤ 1 - 7 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16.3% ᠪᠠᠷ ᠪᠠᠭᠤᠷᠠᠪᠠ᠃ ᠡᠭᠦᠨ ᠳᠤ᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 38.01% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.82 % ᠪᠠᠷ ᠪᠠᠭᠤᠷᠠᠪᠠ᠃    ᠲᠦᠷᠦᠯ ᠵᠦᠢᠯ ᠮᠡᠳᠡᠭᠦᠯᠦᠭᠰᠡᠨ ᠲᠤᠭ᠎ᠠ ᠠᠴᠠ ᠦᠵᠡᠪᠡᠯ᠃ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 92 ᠪᠠᠶᠢᠵᠤ᠂ ᠡᠭᠦᠨ ᠳᠤ ᠲᠤᠭ᠎ᠠ ᠮᠡᠳᠡᠭᠦᠯᠦᠭᠰᠡᠨ ᠲᠥᠷᠥᠯ ᠵᠦᠢᠯ 76 ᠪᠠᠶᠢᠵᠤ᠂ ᠬᠥᠮᠥᠷᠭᠡ ᠳᠤ ᠪᠠᠶᠢᠭ᠎ᠠ ᠲᠥᠷᠥᠯ ᠵᠦᠢᠯ ᠤᠨ ᠡᠵᠡᠯᠡᠬᠦ ᠬᠤᠪᠢ ᠶᠢᠨ ᠵᠢᠩ ᠨᠢ ᠵᠥᠪᠬᠡᠨ 82.61% ᠪᠣᠯᠤᠨ᠎ᠠ᠃    ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ    2024 ᠣᠨ ᠤ 1 — 7 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.5% ᠪᠠᠷ ᠪᠠᠭᠤᠷᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号