ᠰᠦᠩᠱᠠᠨ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠣᠳᠣᠬᠢ ᠪᠠᠶᠢᠳᠠᠯ
ᠨᠡᠶᠢᠲᠡᠯᠡᠭᠰᠡᠨ ᠴᠠᠭ᠄
2024/11/20
    ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠥᠬᠦ ᠲᠤᠭᠤᠷᠢᠭ ᠤᠨ ᠠᠵᠤ ᠠᠬᠤᠶ ᠲᠣᠭᠲᠠᠭᠤᠨ ᠢᠶᠠᠷ ᠬᠥᠭᠵᠢᠪᠡ᠃    ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶    ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠳᠡᠭᠡᠷ᠎ᠡ ᠬᠠᠭᠠᠰ ᠵᠢᠯ ᠳᠤ ᠪᠥᠬᠦ ᠲᠤᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 145.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠠᠴᠠ 0.4 ᠵᠠᠭᠤᠨ ᠤ ᠬᠤᠪᠢ ᠳᠡᠭᠡᠭᠰᠢᠯᠡᠪᠡ᠃    ᠠᠵᠤ ᠦᠢᠯᠡᠰ ᠢᠶᠠᠷ ᠬᠤᠪᠢᠶᠠᠪᠠᠯ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 12.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠵᠦ᠂ GDP ᠶᠢᠨ ᠨᠡᠮᠡᠭᠳᠡᠯ ᠢ 0.7 ᠵᠠᠭᠤᠨ ᠤ ᠬᠤᠪᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 35.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠦ᠂ GDP ᠶᠢᠨ ᠨᠡᠮᠡᠭᠳᠡᠯ ᠢ 1.3 ᠵᠠᠭᠤᠨ ᠤ ᠬᠤᠪᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 97.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠵᠦ᠂ GDP ᠶᠢᠨ ᠨᠡᠮᠡᠭᠳᠡᠯ ᠢ 1.4 ᠵᠠᠭᠤᠨ ᠤ ᠬᠤᠪᠢ ᠳᠠᠶᠢᠴᠢᠯᠠᠪᠠ᠃    ᠬᠤᠶᠠᠷ᠂ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ ᠵᠢᠭᠠᠰᠤᠨ ᠠᠵᠤ ᠠᠬᠤᠢ    2024 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠶᠡᠷᠦᠩᠬᠡᠶ ᠦᠢᠯᠡᠳᠬᠦᠨ ᠤ ᠥᠷᠲᠡᠭ 21.7 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 9% ᠨᠡᠮᠡᠭᠳᠡᠪᠡ᠃    ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2024 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 29.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.3% ᠪᠠᠷ ᠪᠠᠭᠤᠷᠠᠪᠠ᠃    ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 140.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.1% ᠪᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.8% ᠪᠠᠷ ᠪᠠᠭᠤᠷᠠᠪᠠ᠃    ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 2 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠲᠣᠰ ᠲᠣᠰ ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ ᠪᠠ ᠱᠦᠢᠨᠢ ᠪᠧᠲ᠋ᠣᠨ ᠤ ᠴᠠᠬᠢᠯᠭᠠᠨ ᠪᠠᠭᠠᠨ᠎ᠠ ᠪᠠᠶᠢᠵᠤ᠂ 15.4% ᠪᠠ 15.1% ᠨᠡᠮᠡᠭᠳᠡᠪᠡ᠃ ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠢ ᠶᠢᠨ  ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.8 % ᠪᠠᠷ ᠪᠠᠭᠤᠷᠠᠪᠠ᠃ᠳᠥᠷᠪᠡ᠂ ᠦᠢᠯᠡᠴᠢᠯᠡᠭᠡᠨ ᠤ ᠦᠢᠯᠡᠰ2024 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 97.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 % ᠢᠶᠠᠷ ᠨᠡᠮᠡᠭᠳᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ 67 % ᠳᠤ ᠬᠦᠷᠪᠡ᠃ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 10 ᠠᠵᠢᠯ ᠲᠥᠷᠥᠯ ᠤᠨ ᠲᠣᠮᠣ ᠲᠥᠷᠥᠯ ᠤᠨ ᠳᠣᠲᠣᠷ᠎ᠠ᠂ ᠷᠠᠳᠢᠣ᠋ ᠨᠡᠪᠲᠡᠷᠡᠭᠦᠯᠭᠡ᠂ ᠲᠧᠯᠸᠢᠰ᠂ ᠺᠢᠨᠣ᠋ ᠪᠠ ᠳᠠᠭᠤ ᠠᠪᠴᠤ ᠦᠢᠯᠡᠳᠬᠦ ᠠᠵᠢᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 60.9% ᠪᠠ 10.3% ᠨᠡᠮᠡᠭᠳᠡᠵᠦ᠂ ᠭᠡᠪᠡᠴᠦ ᠡᠵᠡᠩᠨᠡᠯᠲᠡ ᠶᠢᠨ ᠣᠷᠣᠯᠭ᠎ᠠ ᠨᠢ ᠵᠥᠪᠬᠡᠨ ᠪᠥᠬᠦ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 9.5% ᠶᠢ ᠡᠵᠡᠯᠡᠪᠡ᠃ ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠤᠯᠪᠣᠭ᠎ᠠ᠂ ᠷᠠᠳᠢᠣ᠋ ᠲᠧᠯᠸᠢᠰ᠂ ᠳᠠᠭᠠᠭᠤᠯᠢ ᠣᠳᠣᠨ ᠳᠠᠮᠵᠢᠭᠤᠯᠬᠤ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 1.6 % ᠪᠠᠷ ᠨᠡᠮᠡᠭᠳᠡᠪᠡ᠃ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 79.5% ᠶᠢ ᠡᠵᠡᠯᠡᠪᠡ᠃ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 60.2% ᠢᠶᠠᠷ ᠪᠠᠭᠤᠷᠠᠪᠠ᠃ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ2024 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15.4 % ᠪᠠᠷ ᠪᠠᠭᠤᠷᠠᠪᠠ᠃ ᠡᠭᠦᠨ ᠳᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32.9% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.9% ᠪᠠᠷ ᠪᠠᠭᠤᠷᠠᠪᠠ᠃ᠭᠤᠤᠯᠳᠠᠯᠭ᠎ᠠ ᠲᠠᠢ ᠬᠦᠷᠢᠶᠡᠨ ᠤ ᠪᠡᠯᠡ ᠣᠷᠣᠭᠤᠯᠤᠯᠲᠠ ᠠᠴᠠ ᠦᠵᠡᠪᠡᠯ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 23.7 ᠵᠠᠭᠤᠨ ᠤ  ᠬᠤᠪᠢ ᠳᠤᠷᠤᠭᠰᠢ ᠲᠠᠲᠠᠪᠠ᠃ᠵᠢᠷᠭᠤᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ2024 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 6% ᠪᠠᠭᠤᠷᠠᠪᠠ᠃ᠳᠣᠯᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ2024 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17448 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠬᠤ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 24572 ᠲᠥᠭᠦᠷᠢᠭ ᠲᠤ ᠬᠦᠷᠴᠦ᠂ 3.8% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9462 ᠲᠥᠭᠦᠷᠢᠭ ᠲᠤ ᠬᠦᠷᠴᠦ᠂ 6.6% ᠪᠠᠷ ᠨᠡᠮᠡᠭᠳᠡᠪᠡ᠃ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 12215 ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 2.5 % ᠪᠠᠷ ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号