ᠵᠢᠯ ᠤᠨ ᠡᠬᠢᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ | ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ | ᠬᠡᠷᠡᠭᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠪᠠ | ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | 2024 ᠣᠨ ᠤ 1 — 7 ᠳ᠋ᠤᠭᠠᠷ ᠰᠠᠷ᠎ᠠ ᠳᠤ᠂ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 31.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.4% ᠪᠠᠷ ᠪᠠᠭᠤᠷᠠᠪᠠ᠃ | ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ | 144.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 10.3% ᠪᠠᠷ ᠪᠠᠭᠤᠷᠠᠵᠤ᠂ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 17.1% ᠪᠠᠷ ᠪᠠᠭᠤᠷᠠᠪᠠ᠃ | ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ | ᠦᠢᠯᠡᠳᠬᠦᠨ ᠤ ᠳᠣᠲᠣᠷ᠎ᠠ᠂ 2 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ | ᠨᠡᠮᠡᠭᠳᠡᠵᠦ᠂ ᠱᠦᠢᠨᠢ ᠪᠧᠲ᠋ᠣᠨ ᠤ ᠴᠠᠬᠢᠯᠭᠠᠨ ᠪᠠᠭᠠᠨ᠎ᠠ 46.9% ᠪᠠᠷ ᠨᠡᠮᠡᠭᠳᠡᠵᠦ᠂ ᠲᠦᠭᠡᠭᠡᠯ ᠤᠰᠤᠨ ᠤ ᠺᠣᠮᠫᠠᠨᠢ | ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠪᠡ᠃ | ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠰᠢᠲᠠᠮᠠᠬᠠᠢ | ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 17.1% ᠪᠠᠷ | ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ ᠶᠢ 11.37 ᠵᠠᠭᠤᠨ ᠤ ᠬᠤᠪᠢ ᠳᠤᠷᠤᠭᠰᠢ ᠲᠠᠲᠠᠪᠠ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 2024 ᠣᠨ ᠤ 1 - 7 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16.3% ᠪᠠᠷ ᠪᠠᠭᠤᠷᠠᠪᠠ᠃ ᠡᠭᠦᠨ ᠳᠤ᠂ 500 ᠲᠦᠮᠡᠨ | ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 38.01% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.82 % ᠪᠠᠷ ᠪᠠᠭᠤᠷᠠᠪᠠ᠃ | ᠲᠦᠷᠦᠯ ᠵᠦᠢᠯ ᠮᠡᠳᠡᠭᠦᠯᠦᠭᠰᠡᠨ ᠲᠤᠭ᠎ᠠ ᠠᠴᠠ ᠦᠵᠡᠪᠡᠯ᠃ 500 ᠲᠦᠮᠡᠨ ᠲᠥᠭᠦᠷᠢᠭ ᠵᠢᠴᠢ ᠲᠡᠭᠦᠨ ᠠᠴᠠ | ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 92 ᠪᠠᠶᠢᠵᠤ᠂ ᠡᠭᠦᠨ ᠳᠤ ᠲᠤᠭ᠎ᠠ ᠮᠡᠳᠡᠭᠦᠯᠦᠭᠰᠡᠨ ᠲᠥᠷᠥᠯ ᠵᠦᠢᠯ | 76 ᠪᠠᠶᠢᠵᠤ᠂ ᠬᠥᠮᠥᠷᠭᠡ ᠳᠤ ᠪᠠᠶᠢᠭ᠎ᠠ ᠲᠥᠷᠥᠯ ᠵᠦᠢᠯ ᠤᠨ ᠡᠵᠡᠯᠡᠬᠦ ᠬᠤᠪᠢ ᠶᠢᠨ ᠵᠢᠩ ᠨᠢ ᠵᠥᠪᠬᠡᠨ 82.61% | ᠪᠣᠯᠤᠨ᠎ᠠ᠃ | ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ | 2024 ᠣᠨ ᠤ 1 — 7 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.5% ᠪᠠᠷ ᠪᠠᠭᠤᠷᠠᠪᠠ᠃ | |