ᠡᠳᠦᠭᠡ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠬᠠᠤᠯᠢ | ᠲᠣᠭᠲᠠᠭᠠᠬᠤ ᠠᠵᠢᠯ ᠤᠨ ᠲᠥᠯᠥᠪᠯᠡᠭᠡ︾ ᠶᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠢ | ᠮᠠᠨ ᠤ ᠬᠤᠲᠠ ᠶᠢᠨ ᠬᠠᠤᠯᠢ ᠲᠣᠭᠲᠠᠭᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ | ᠲᠣᠭᠲᠠᠭᠠᠬᠤ ᠶᠢ ᠠᠬᠢᠭᠤᠯᠵᠤ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ 2023 ᠣᠨ ᠤ ᠳᠣᠣᠷ᠎ᠠ ᠬᠠᠭᠠᠰ | ᠵᠢᠯ ᠳᠤ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠰᠢᠭᠤᠳ | ᠬᠠᠷᠢᠶ᠎ᠠ ᠡᠯ᠎ᠡ ᠨᠢᠭᠡᠴᠡ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠵᠢᠴᠢ ᠨᠡᠶᠢᠭᠡᠮ ᠤᠨ | ᠤᠯᠠᠨ ᠲᠦᠮᠡᠨ ᠠᠴᠠ 2024 ᠣᠨ ᠤ ᠬᠤᠳᠠ ᠶᠢᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ | ᠰᠠᠨᠠᠭᠤᠯᠭ᠎ᠠ ᠶᠢ ᠴᠤᠭᠯᠠᠭᠤᠯᠵᠤ᠂ ᠬᠠᠤᠯᠢ ᠲᠣᠭᠲᠠᠭᠠᠬᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ | ᠨᠤᠲᠠᠯᠠᠬᠤ ᠪᠠᠷ ᠳᠠᠮᠵᠢᠭᠤᠯᠵᠤ᠂ 2023 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠵᠢᠴᠢ ︽ᠤᠯᠠᠭᠠᠨᠬᠠᠳᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ 2024 ᠣᠨ ᠤ ᠬᠠᠤᠯᠢ ᠲᠣᠭᠲᠠᠭᠠᠬᠤ ᠲᠥᠯᠥᠪᠯᠡᠭᠡ︾ ᠲᠠᠢ ᠤᠶᠠᠯᠳᠤᠭᠤᠯᠵᠤ᠂ ᠮᠠᠨ ᠤ | ᠬᠤᠳᠠ ᠶᠢᠨ 2024 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠵᠢᠭᠰᠠᠭᠠᠪᠠ᠃ 2024 ᠣᠨ ᠤ | ᠭᠤᠷᠪᠠᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ | ᠪᠠᠲᠤᠯᠠᠪᠠ᠃ | ᠬᠤᠶᠠᠷ᠂ ᠬᠠᠤᠯᠢ ᠲᠣᠭᠲᠠᠭᠠᠬᠤ ᠲᠥᠯᠥᠪᠯᠡᠭᠡ ᠳᠤ ᠲᠣᠭᠲᠠᠭᠠᠭᠰᠠᠨ ᠭᠤᠣᠯ ᠠᠭᠤᠯᠭ᠎ᠠ | ᠴᠤᠭᠯᠠᠭᠤᠯᠤᠭᠰᠠᠨ ᠬᠠᠤᠯᠢ ᠲᠣᠭᠲᠠᠭᠠᠬᠤ ᠰᠠᠨᠠᠭᠤᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠳᠤᠷᠠᠳᠤᠭᠰᠠᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ | ᠲᠥᠯᠥᠪᠯᠡᠭᠡ ᠳᠤ ᠲᠣᠭᠲᠠᠭᠠᠭᠰᠠᠨ ᠬᠠᠤᠯᠢ ᠲᠣᠭᠲᠠᠭᠠᠬᠤ ᠲᠥᠷᠥᠯ ᠵᠦᠢᠯ ᠳᠤ᠄ | ︵ᠨᠢᠭᠡ︶ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠷᠥᠯ ᠵᠦᠢᠯ᠃ ᠪᠡᠶᠡᠯᠡᠭᠦᠯᠬᠦ ᠪᠠᠷ ᠪᠣᠶ | ᠄ ᠤᠯᠠᠭᠠᠨᠬᠠᠳᠠ ᠬᠤᠲᠠ ᠶᠢᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠳᠦᠷᠢᠮ ︵ᠲᠥᠰᠥᠯ︶᠃ ᠪᠠᠶᠢᠴᠠᠭᠠᠨ | ᠰᠤᠳᠤᠯᠤᠯᠲᠠ ᠬᠢᠬᠦ ᠪᠠᠷ ᠪᠣᠶ᠄ ᠤᠯᠠᠭᠠᠨᠬᠠᠳᠠ ᠬᠤᠲᠠ ᠶᠢᠨ ᠲᠠᠷᠢᠮᠠᠯ ᠤᠨ ᠦᠷ᠎ᠡ ᠶᠢᠨ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠲᠣᠭᠲᠠᠭᠠᠯ᠂ ᠤᠯᠠᠭᠠᠨᠬᠠᠳᠠ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ | ᠦᠷ᠎ᠡ ᠪᠦᠲᠦᠭᠡᠯ ᠤᠨ ᠬᠠᠮᠠᠭᠠᠯᠠᠯᠲᠠ ᠶᠢᠨ ᠳᠦᠷᠢᠮ᠂ ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ | ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠳᠦᠷᠢᠮ᠂ ᠤᠯᠠᠭᠠᠨᠬᠠᠳᠠ ᠬᠤᠲᠠ ᠶᠢᠨ ᠬᠤᠲᠠ ᠶᠢᠨ | ᠪᠣᠯᠪᠠᠰᠤᠨ ᠢᠶᠠᠷ ᠨᠣᠬᠠᠢ ᠲᠡᠵᠢᠭᠡᠬᠦ ᠲᠣᠭᠲᠠᠭᠠᠯ᠃ | ︵ᠬᠤᠶᠠᠷ︶ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠷᠥᠯ ᠵᠦᠢᠯ᠃ ᠪᠡᠶᠡᠯᠡᠭᠦᠯᠬᠦ ᠪᠠᠷ ᠪᠣᠶ᠄ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠤᠨ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠠᠰ | ᠳᠠᠷᠠᠭᠠᠯᠠᠯ ᠤᠨ ᠲᠣᠭᠲᠠᠭᠠᠯ ︵2024 ᠵᠠᠰᠠᠪᠤᠷᠢ ᠣᠷᠣᠭᠤᠯᠤᠭᠰᠠᠨ︶᠂ ᠤᠯᠠᠭᠠᠨᠬᠠᠳᠠ ᠬᠤᠲᠠ ᠶᠢᠨ ᠬᠤᠲᠠ | ᠪᠠᠯᠭᠠᠰᠤ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵2023 ᠣᠨ ᠤ ᠲᠥᠷᠥᠯ | ᠵᠦᠢᠯ︶᠃ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | 2024 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠢ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ |