11 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠯᠢ ᠵᠢᠩ ᠵᠢᠩ | ᠰᠦᠩᠱᠠᠨ ᠲᠣᠭᠤᠷᠢᠭ ᠲᠤ ᠢᠷᠡᠵᠦ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠳᠡᠳ᠋ | ᠳᠠᠷᠤᠭ᠎ᠠ ᠯᠢ ᡁᠢ ᠭᠦᠸᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠯᠢ ᠵᠢᠩ ᠵᠢᠩ ᠨᠡᠷ ᠤᠷᠢᠳ ᠬᠤᠵᠢᠳ ᠬᠠᠷᠠᠲᠣᠬᠤᠢ ᠪᠠᠯᠭᠠᠰᠤᠨ ᠤ ᠸᠠᠩ ᠵᠢᠶᠠ ᠳ᠋ᠢ ᠲᠣᠰᠬᠤᠨ᠂ ᠴᠤᠸᠠᠨ ᠪᠦᠦ | ᠳ᠋ᠢ ᠲᠣᠰᠬᠤᠨ᠂ ᠠᠩᠴᠢᠨ ᠪᠠᠯᠭᠠᠰᠤᠨ ᠤ ᠪᠠᠶᠢᠰᠢᠩᠲᠤ ᠲᠣᠰᠬᠤᠨ ᠳᠤ ᠬᠦᠷᠴᠦ᠂ ᠲᠤᠬᠠᠶ ᠶᠢᠨ ᠭᠠᠵᠠᠷ ᠲᠤᠨᠢ | ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠣᠳᠣᠬᠠᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠣᠷᠣᠰᠢᠵᠤ ᠪᠠᠶᠢᠭ᠎ᠠ | ᠠᠰᠠᠭᠤᠳᠠᠯ ᠵᠢᠴᠢ ᠬᠦᠴᠢᠷᠳᠡᠯ ᠢ ᠭᠦᠨᠵᠡᠭᠡᠶ ᠵᠠᠳᠠᠯᠬᠤ ᠶᠢᠨ ᠬᠠᠮᠲᠤ ᠣᠳᠣᠬᠠᠨ ᠤ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ | ᠯᠢ ᠵᠢᠩ ᠵᠢᠩ ᠵᠢᠭᠠᠵᠤ ᠭᠠᠷᠭᠠᠭᠰᠠᠨ ᠨᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ | ᠲᠤᠰᠠ ᠲᠠᠢ ᠬᠤᠯᠪᠣᠭᠳᠠᠵᠤ᠂ ᠣᠯᠠᠨ ᠲᠦᠮᠡᠨ ᠤ ᠡᠮ ᠡᠮᠨᠡᠯᠭᠡ ᠶᠢᠨ ᠳᠠᠷᠤᠭᠠᠰᠤ ᠶᠢ ᠬᠥᠩᠭᠡᠷᠡᠭᠦᠯᠬᠦ᠂ | ᠡᠪᠡᠳᠴᠢᠨ ᠠᠴᠠ ᠪᠣᠯᠵᠣ ᠶᠠᠳᠠᠭᠤᠷᠠᠬᠤ ᠶᠢ ᠰᠡᠷᠭᠡᠶᠢᠯᠡᠬᠦ ᠪᠠ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ | ᠰᠡᠷᠭᠡᠶᠢᠯᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ | ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠣᠳᠠᠲᠠᠶ ᠶᠢ ᠡᠷᠬᠢᠮᠯᠡᠬᠦ ᠰᠤᠷᠲᠠᠯ ᠪᠠ ᠲᠤᠰᠠᠲᠠᠶ ᠠᠷᠭ᠎ᠠ | ᠬᠡᠮᠵᠢᠶ᠎ᠡ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠴᠢᠨᠠᠷ ᠰᠠᠶᠢᠲᠠᠶ ᠥᠨᠳᠥᠷ | ᠪᠦᠲᠦᠮᠵᠢᠲᠡᠶ ᠥᠷᠨᠢᠬᠦ ᠶᠢ ᠲᠦᠯᠬᠢᠨ ᠠᠬᠢᠭᠤᠯᠬᠤ ᠬᠡᠷᠡᠭᠲᠡᠶ᠃ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ | ᠬᠡᠯᠪᠡᠷᠢ ᠪᠠᠷ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠰᠢᠭᠰᠡᠨ ᠤᠬᠠᠭᠤᠯᠭ᠎ᠠ ᠶᠢ | ᠥᠷᠨᠢᠭᠦᠯᠵᠦ᠂ ᠣᠯᠠᠨ ᠲᠦᠮᠡᠨ ᠳᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠪᠠᠶᠢᠳᠠᠯ ᠵᠢᠴᠢ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠡᠪᠡᠳᠴᠢᠨ ᠡᠮᠭᠡᠭ ᠤᠨ ᠲᠦᠭᠰᠢᠭᠦᠷᠢ ᠶᠢ ᠡᠰᠡᠷᠭᠦᠴᠡᠬᠦ᠂ ᠡᠮ ᠡᠮᠨᠡᠯᠭᠡ ᠶᠢᠨ | ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠲᠠᠯ᠎ᠠ ᠪᠠᠷ ᠬᠢ ᠢᠳᠡᠪᠬᠢ ᠦᠢᠯᠡᠳᠦᠯ ᠢ ᠭᠦᠢᠴᠡᠳ ᠣᠶᠢᠯᠠᠭᠠᠭᠤᠯᠵᠤ᠂ | ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠠᠷᠠᠯᠲᠠ ᠶᠢᠨ ᠲᠣᠭᠤᠷᠢᠨ ᠳᠤ᠂ | ᠲᠤᠰᠢᠶᠠᠭᠠᠳᠤᠢ ᠬᠥᠮᠥᠰ ᠤᠨ ᠡᠬᠡ ᠲᠠᠩᠰᠠ ᠶᠢ ᠡᠮᠬᠢᠯᠡᠨ ᠲᠣᠳᠣᠷᠬᠠᠶᠢᠯᠠᠵᠤ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ | ᠲᠣᠳᠣᠷᠬᠠᠢ ᠣᠶᠢᠯᠠᠭᠠᠵᠤ᠂ ᠨᠠᠷᠢᠯᠢᠭ ᠣᠨᠣᠴᠠᠲᠠᠢ ᠪᠠᠷ ᠡᠵᠡᠮᠰᠢᠵᠦ᠂ ︽ᠣᠷᠣᠯᠴᠠᠬᠤ ᠶᠣᠰᠣᠲᠠᠢ ᠨᠢ ᠴᠥᠮ | ᠣᠷᠣᠯᠴᠠᠬᠤ︾᠂ ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ |