11 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ | ᠲᠣᠭᠤᠷᠢᠭ ᠤᠨ ᠳᠡᠳ᠋ ᠳᠠᠷᠤᠭ᠎ᠠ ᠵᠤᠤ ᠱᠢ ᠴᠤᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠡᠯ᠎ᠡ ᠰᠢᠶᠠᠩ | ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ | ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠡᠦᠬᠡ ᠳᠤ | ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ᠂ ᠤᠯᠤᠰ ᠲᠤ ᠬᠠᠷᠢᠭᠤᠴᠠᠬᠤ ᠣᠪᠣᠷ ᠢᠶᠠᠷ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ︔ ᠬᠡᠷᠡᠭ ᠢᠶᠠᠷ ᠲᠣᠯᠢ ᠪᠣᠯᠭᠠᠵᠤ᠂ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ | ᠨᠢᠭᠡ ᠠᠯᠬᠤᠮ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠰᠢᠭᠤᠳ ᠬᠠᠷᠢᠭᠤᠴᠠᠯᠭ᠎ᠠ ᠶᠢ | ᠡᠷᠡᠰ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠤᠯᠠᠭᠠᠨ ᠱᠤᠭᠤᠮ᠂ | ᠬᠤᠷᠢᠭ᠎ᠠ ᠱᠤᠭᠤᠮ᠂ ᠠᠮᠢᠨ ᠰᠤᠳᠠᠰᠤ ᠶᠢ ᠡᠷᠡᠰ ᠰᠠᠬᠢᠬᠤ ᠬᠡᠷᠡᠭᠲᠡᠶ︔ ᠰᠢᠨ᠎ᠡ ᠪᠠᠷ ᠵᠠᠰᠠᠪᠤᠷᠢ ᠣᠷᠣᠭᠤᠯᠤᠭᠰᠠᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ ᠶᠢ ᠨᠠᠷᠢᠨ ᠬᠢᠨᠠᠮᠠᠭᠠᠶ ᠰᠤᠷᠤᠯᠴᠠᠨ | ᠲᠤᠭᠤᠰᠢᠯᠠᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ | ᠰᠡᠷᠭᠡᠶᠢᠯᠡᠨ ᠠᠷᠢᠯᠭᠠᠵᠤ᠂ ᠪᠥᠬᠦ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ | ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ᠃ | ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ ᠬᠤᠷᠠᠯ ᠳᠡᠭᠡᠷ᠎ᠡ᠂ ᠲᠤᠭᠤᠷᠢᠭ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠷᠳᠣᠰ ᠤᠨ ᠳᠠᠯᠠᠳ | ᠬᠤᠰᠢᠭᠤᠨ ᠤ ᠬᠡᠰᠡᠭ ᠤᠨ ᠴᠢᠨ ᠤᠯᠤᠰ ᠤᠨ ᠰᠢᠭᠤᠳ ᠵᠠᠮ ᠤᠨ ᠪᠠᠭᠤᠷᠢ ᠶᠢᠨ ᠡᠪᠳᠡᠯᠡᠭᠡ ᠳᠤ ᠤᠴᠠᠷᠠᠭᠰᠠᠨ | ᠬᠡᠷᠡᠭ ᠤᠨ ᠪᠠᠶᠢᠳᠠᠯ ᠢ ᠮᠡᠳᠡᠭᠳᠡᠪᠡ᠃ |