ᠨᠢᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠭᠰᠠᠨ ᠠᠬᠤᠶ ᠪᠠᠶᠢᠳᠠᠯ | ︵ᠨᠢᠭᠡ︶ ᠳᠤᠮᠳᠠᠳᠤ ᠤᠯᠤᠰ ᠤᠨ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠤᠨ ᠨᠡᠶᠢᠲᠡᠯᠡᠭᠰᠡᠨ ︽ | 2019 ᠣᠨ ᠤ ᠳᠤᠮᠳᠠᠳᠤ ᠤᠯᠤᠰ ᠤᠨ ᠰᠥᠨᠢ ᠶᠢᠨ ᠠᠵᠤ ᠠᠬᠤᠶ ᠶᠢᠨ ᠬᠥᠭᠵᠢᠯᠲᠡ ᠶᠢᠨ ᠮᠡᠳᠡᠭᠦᠯᠦᠯᠲᠡ︾ ᠳᠤ | ᠮᠠᠨ ᠤ ᠤᠯᠤᠰ ᠤᠨ ᠰᠥᠨᠢ ᠶᠢᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠬᠡᠪᠴᠢᠶ᠎ᠡ ᠶᠠᠭ ᠥᠷᠭᠡᠳᠴᠦ᠂ ᠡᠭᠦᠳᠡᠨ | ᠪᠢᠯᠧᠲ ᠤᠨ ᠠᠵᠤ ᠠᠬᠤᠶ ᠦᠷᠭᠦᠯᠵᠢᠯᠡᠨ ᠰᠤᠯᠠᠷᠠᠵᠤ᠂ ᠰᠥᠨᠢ ᠶᠢᠨ ᠢᠳᠡᠭᠡᠨ ᠤᠮᠳᠠᠭᠠᠨ ᠮᠥᠨ ᠯᠡ ᠭᠤᠣᠯ | ᠤᠳᠤᠷᠢᠳᠤᠮᠵᠢ ᠪᠣᠯᠵᠤ᠂ ᠰᠣᠶᠣᠯ ᠰᠡᠯᠡᠭᠦᠴᠡᠯ ᠢᠶᠠᠷ ᠬᠡᠷᠡᠭᠴᠡᠭᠡ ᠱᠠᠭᠠᠷᠳᠠᠯᠭ᠎ᠠ ᠪᠤᠯᠭᠠᠭᠰᠠᠨ ᠪᠠᠶᠢᠨ᠎ᠠ ᠭᠡᠪᠡ᠃ | ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠬᠢᠷᠢ | ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ᠂ ︽ᠰᠥᠨᠢ ᠶᠢᠨ ᠠᠵᠤ ᠠᠬᠤᠶ︾ ᠨᠢ ᠮᠠᠰᠢ ᠣᠯᠠᠨ ᠬᠤᠲᠠ ᠳᠤ | ᠦᠳᠲᠡᠷ ᠲᠦᠷᠭᠡᠨ ᠬᠥᠭᠵᠢᠵᠦ᠂ ︽ᠰᠥᠨᠢ ᠶᠢᠨ ᠠᠵᠤ ᠠᠬᠤᠶ︾ ᠠᠴᠠ ᠪᠣᠯᠤᠭᠰᠠᠨ ᠵᠢᠭᠤᠯᠴᠢᠯᠠᠯ᠂ ᠵᠤᠭ᠎ᠠ | ᠴᠡᠩᠭᠡᠯ᠂ ᠰᠡᠯᠡᠭᠦᠴᠡᠯ᠂ ᠣᠶᠢᠯᠠᠭᠠᠯᠲᠠ ᠵᠡᠷᠭᠡ ᠬᠡᠷᠡᠭᠯᠡᠭᠡᠨ ᠤ ᠬᠡᠯᠪᠡᠷᠢ ᠨᠢ ᠬᠡᠷᠡᠭᠯᠡᠭᠡᠨ ᠤ ᠰᠢᠨ᠎ᠡ ᠬᠠᠯᠠᠮᠰᠢᠯ ᠴᠡᠭ | ᠪᠣᠯᠤᠭᠰᠠᠨ ᠪᠠᠶᠢᠨ᠎ᠠ᠃ | ︵ᠭᠤᠷᠪᠠ︶ ᠵᠠᠯᠠᠭᠤ ᠬᠡᠷᠡᠭᠯᠡᠭᠴᠢᠳ ᠤᠨ ᠬᠤᠲᠠ ᠶᠢᠨ ᠬᠡᠷᠡᠭᠯᠡᠭᠡᠨ ᠤ ᠭᠤᠤᠯ ᠤᠷᠤᠰᠬᠠᠯ ᠪᠣᠯᠬᠤ ᠶᠢ | ᠳᠠᠭᠠᠯᠳᠤᠨ᠂ ᠬᠡᠷᠡᠭᠯᠡᠭᠡᠨ ᠤ ᠳᠠᠳᠬᠠᠯ ᠪᠠ ᠬᠡᠷᠡᠭᠯᠡᠭᠡᠨ ᠤ ᠴᠠᠭ ᠨᠢ ᠬᠡᠷᠡᠭᠯᠡᠭᠡᠨ ᠤ ᠵᠠᠭᠪᠤᠷ ᠢ ᠨᠥᠯᠥᠭᠡᠯᠡᠬᠦ ᠳᠤ | ᠬᠤᠪᠢᠷᠠᠯᠲᠠ ᠭᠠᠷᠭᠠᠵᠤ᠂ ᠡᠭᠦᠨ ᠳᠤ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ ᠪᠠ ᠵᠤᠭ᠎ᠠ ᠴᠡᠩᠭᠡᠯ ᠤᠨ | ᠵᠠᠬ᠎ᠠ ᠳᠡᠯᠭᠡᠭᠦᠷ ᠨᠢᠭᠡᠨᠲᠡ ᠢᠳᠡᠭ ᠢᠳᠡᠭ ᠢᠶᠠᠷ ᠣᠷᠣᠶ ᠶᠢᠨ ᠬᠡᠷᠡᠭᠯᠡᠭᠡᠨ ᠤ ᠭᠤᠷᠪᠠᠨ ᠶᠡᠭᠡ ᠲᠤᠯᠬᠤ ᠴᠡᠭ ᠪᠣᠯᠵᠣ᠂ | ᠡᠯ᠎ᠡ ᠲᠣᠮᠣ ᠬᠤᠳᠠᠯᠳᠤᠭᠠᠨ ᠤ ᠲᠣᠭᠤᠷᠢᠭ ᠤᠨ ᠣᠷᠣᠶ ᠶᠢᠨ ᠬᠡᠷᠡᠭᠯᠡᠭᠡᠨ ᠤ ᠠᠵᠢᠯᠯᠠᠭ᠎ᠠ ᠴᠤ ᠡᠨᠡ ᠭᠤᠷᠪᠠᠨ | ᠲᠣᠭᠤᠷᠢᠨ ᠳᠤ ᠶᠠᠪᠤᠭᠳᠠᠵᠤ ᠪᠠᠶᠢᠨ᠎ᠠ᠃ | ᠬᠤᠶᠠᠷ᠂ ᠲᠤᠭᠤᠷᠪᠢᠨ ᠪᠢᠴᠢᠭᠰᠡᠨ ᠦᠨᠳᠦᠰᠦᠯᠡᠯ | ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ︽2024 ᠣᠨ ᠤ ︿ | ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠤᠨ ᠬᠤᠲᠠ · ᠵᠢᠷᠭᠠᠯᠠᠩᠲᠤ ᠤᠯᠠᠭᠠᠨᠬᠠᠳᠠ﹀ ᠶᠢᠨ ᠠᠵᠤ ᠠᠬᠤᠢ ᠶᠢᠨ | ᠭᠤᠣᠯ ᠰᠡᠳᠦᠪᠲᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠰᠦᠩᠱᠠᠨ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ | ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠰᠦᠩᠱᠠᠨ ᠲᠣᠭᠤᠷᠢᠭ ᠤᠨ ᠰᠥᠨᠢ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠵᠤ᠂ ᠣᠯᠠᠨ ᠲᠦᠮᠡᠨ ᠢ ᠬᠠᠪᠰᠤᠷᠤᠨ ᠠᠵᠢᠯ ᠣᠯᠭᠤᠯᠲᠠ᠂ ᠠᠮᠢᠳᠤᠷᠠᠯ᠂ ᠬᠡᠷᠡᠭᠯᠡᠭᠡᠨ ᠤ | ᠬᠡᠷᠡᠭᠴᠡᠭᠡ ᠶᠢ ᠰᠢᠢᠳᠪᠦᠷᠢᠯᠡᠬᠦ ᠶᠢᠨ ᠲᠥᠯᠥᠭᠡ᠂ ︽2024 ᠣᠨ ᠤ ᠰᠦᠩᠱᠠᠨ ᠲᠣᠭᠤᠷᠢᠭ ᠤᠨ ᠰᠥᠨᠢ ᠶᠢᠨ ᠠᠵᠤ | ᠠᠬᠤᠢ ᠶᠢᠨ ᠭᠤᠣᠯ ᠰᠡᠳᠦᠪᠲᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠣᠨᠴᠠᠭᠠᠶᠢᠯᠠᠨ ᠲᠣᠭᠲᠠᠭᠠᠪᠠ᠃ | ᠭᠤᠷᠪᠠ᠂ ᠭᠤᠣᠯ ᠠᠭᠤᠯᠭ᠎ᠠ | ︵ᠨᠢᠭᠡ︶ ᠣᠷᠣᠢ ᠶᠢᠨ ᠠᠵᠤ ᠠᠬᠤᠢ ᠶᠢᠨ ᠴᠡᠭ ᠢ ᠰᠢᠨᠵᠢᠯᠡᠬᠦ ᠤᠬᠠᠭᠠᠨᠴᠢ ᠪᠠᠷ ᠲᠦᠯᠦᠪᠯᠡᠨ᠎ᠡ᠃ ᠲᠤᠰ | ᠠᠵᠢᠯᠯᠠᠭ᠎ᠠ ᠨᠢ ︽ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠤᠨ ᠬᠤᠲᠠ · ᠵᠢᠷᠭᠠᠯᠠᠩᠲᠤ ᠤᠯᠠᠭᠠᠨᠬᠠᠳᠠ︾ ᠶᠢᠨ | ᠭᠤᠣᠯ ᠴᠣᠭᠴᠠ ᠶᠢᠨ ᠲᠡᠮᠳᠡᠭ ᠢ ᠨᠢᠭᠡᠳᠭᠡᠬᠦ ᠶᠢᠨ ᠬᠠᠮᠲᠤ ᠰᠥᠨᠢ ᠶᠢᠨ ᠠᠵᠤ ᠠᠬᠤᠢ ᠶᠢᠨ ᠪᠠᠶᠢᠷᠢᠰᠢᠯ ᠢ ᠵᠣᠬᠢᠰᠲᠠᠢ | ᠪᠠᠶᠢᠭᠤᠯᠵᠤ᠂ ᠰᠥᠨᠢ ᠶᠢᠨ ᠠᠵᠤ ᠠᠬᠤᠢ ᠶᠢᠨ ᠭᠤᠣᠯ ᠰᠡᠳᠦᠪ ᠢ ᠲᠤᠪᠤᠶᠢᠯᠭᠠᠪᠠ᠃ ᠲᠣᠮᠣ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶ ᠴᠣᠭᠴᠠ᠂ ᠤᠨᠴᠠᠯᠢᠬᠳᠤ ᠬᠤᠳᠠᠯᠳᠤᠭᠠᠨ ᠤ ᠵᠡᠭᠡᠯᠢ ᠵᠡᠷᠭᠡ ᠬᠡᠷᠡᠭᠯᠡᠭᠡᠨ ᠤ ᠲᠥᠪᠯᠡᠷᠡᠭᠰᠡᠨ | ᠣᠷᠣᠨ ᠪᠦᠰᠡ ᠳᠤ ᠲᠦᠰᠢᠭᠯᠡᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠪᠠᠷᠠᠭ᠎ᠠ ᠬᠤᠳᠠᠯᠳᠤᠨ | ᠠᠪᠬᠤ︾᠂ ︽ᠠᠮᠲᠠᠲᠤ ᠢᠳᠡᠭᠡ︾᠂ ︽ᠬᠡᠤᠬᠡᠳ ᠤᠨ ᠰᠡᠯᠡᠭᠦᠴᠡᠯ︾᠂ ︽ᠬᠥᠮᠦᠰ ᠤᠨ ᠪᠥᠭᠡᠮᠨᠡᠷᠡᠯ︾᠂ ︽ | ᠤᠷᠠᠨ ᠰᠠᠶᠢᠬᠠᠨ ᠤ ᠲᠣᠭᠯᠠᠯᠲᠠ︾ ᠵᠡᠷᠭᠡ ᠠᠳᠠᠯᠢ ᠪᠤᠰᠤ ᠣᠨᠴᠠᠯᠢᠭ ᠲᠠᠢ ᠰᠥᠨᠢ ᠶᠢᠨ ᠠᠵᠤ ᠠᠬᠤᠶ ᠲᠥᠪᠯᠡᠷᠡᠭᠰᠡᠨ | ᠣᠷᠣᠨ ᠢ ᠪᠠᠶᠢᠭᠤᠯᠤᠨ᠎ᠠ᠃ | ︵ᠬᠤᠶᠠᠷ︶ ᠰᠥᠨᠢ ᠶᠢᠨ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠢ ᠬᠥᠭᠵᠢᠶᠡᠨᠲᠡᠶ ᠪᠣᠯᠭᠠᠨ᠎ᠠ᠃ ᠰᠦᠩᠱᠠᠨ | ᠲᠣᠭᠤᠷᠢᠭ ᠤᠨ ᠸᠠᠨ ᠳ᠋ᠠ ᠠᠭᠤᠳᠠᠮ ᠲᠠᠯᠠᠪᠠᠢ᠂ ᠶᠦᠩ ᠶᠧ ᠠᠭᠤᠳᠠᠮ ᠲᠠᠯᠠᠪᠠᠢ᠂ ᠵᠦᠩ ᠯᠢᠶᠠᠨ ᠠᠭᠤᠳᠠᠮ ᠲᠠᠯᠠᠪᠠᠢ | ᠵᠡᠷᠭᠡ ᠲᠤᠮᠤ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠳᠤ ᠲᠦᠰᠢᠭᠯᠡᠨ᠂ ᠳ᠋ᠢ ᠬᠤᠤ ᠠᠮᠲᠠᠲᠤ | ᠢᠳᠡᠭᠡᠨ ᠤ ᠵᠡᠭᠡᠯᠢ᠂ ᠱᠠᠩᠬᠠᠢ ᠬᠤᠳᠠ ᠶᠢᠨ ᠠᠮᠲᠠᠲᠤ ᠢᠳᠡᠭᠡᠨ ᠤ ᠵᠡᠭᠡᠯᠢ ᠵᠡᠷᠭᠡ ᠰᠥᠨᠢ ᠶᠢᠨ ᠠᠵᠤ ᠠᠬᠤᠢ ᠶᠢᠨ | ᠭᠤᠣᠯ ᠴᠣᠭᠴᠠ ᠳᠤ ᠲᠦᠰᠢᠭᠯᠡᠨ᠂ ᠨᠢᠭᠡ ᠪᠦᠯᠦᠭ ᠣᠨᠴᠠᠯᠢᠭᠲᠤ ᠢᠳᠡᠭᠡᠨ ᠤᠮᠳᠠᠭᠠᠨ ᠢ ᠪᠠᠶᠢᠭᠤᠯᠤᠨ᠎ᠠ᠃ ᠡᠯ᠎ᠡ | ᠲᠥᠷᠥᠯ ᠤᠨ ᠠᠮᠲᠠᠲᠤ ᠢᠳᠡᠭᠡᠨ ᠤ ᠪᠠᠶᠠᠷ ᠢ ᠡᠷᠬᠢᠯᠡᠵᠦ᠂ ︽ᠠᠮᠲᠠᠲᠤ ᠢᠳᠡᠭᠡᠨ ᠤ ᠨᠠᠶᠢᠷ︾ ᠤᠨ ᠰᠢᠷᠢᠰ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠭᠤᠷᠪᠠ︶ ᠰᠦᠨᠢ ᠪᠠᠷ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢ ᠠᠬᠢᠭᠤᠯᠤᠨ᠎ᠠ᠃ ᠪᠠᠷᠠᠭ᠎ᠠ ᠬᠤᠳᠠᠯᠳᠤᠨ | ᠠᠪᠬᠤ ᠲᠥᠪ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠤᠨ ᠡᠵᠡᠩᠨᠡᠬᠦ ᠴᠠᠭ ᠢᠶᠠᠨ ᠤᠷᠲᠤᠳᠬᠠᠬᠤ ᠶᠢ | ᠵᠣᠷᠢᠭᠵᠢᠭᠤᠯᠤᠨ᠎ᠠ᠃ ᠬᠤᠳᠠᠯᠳᠤᠭᠠᠨ ᠤ ᠲᠠᠯᠠᠪᠤᠷ ᠨᠢ ᠤᠯᠠᠮᠵᠢᠯᠠᠯᠲᠤ ᠪᠠᠶᠠᠷ ᠤᠨ ᠡᠳᠦᠷ ᠲᠠᠢ ᠤᠶᠠᠯᠳᠤᠭᠤᠯᠤᠨ | ᠣᠨᠴᠠᠯᠢᠭᠲᠤ ᠠᠵᠢᠯᠯᠠᠭ᠎ᠠ ᠭᠠᠷᠭᠠᠬᠤ ᠶᠢ ᠵᠣᠷᠢᠭᠵᠢᠭᠤᠯᠵᠤ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠬᠡᠷᠡᠭᠯᠡᠭᠡ ᠪᠠᠷ | ᠳᠠᠮᠵᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠲᠣᠰ ᠭᠠᠵᠠᠷ ᠤᠨ ᠣᠨᠴᠠᠯᠢᠠᠠᠳᠤ | ᠠᠮᠳᠠᠳᠤ ᠢᠳᠡᠭᠡᠨ ᠬᠤᠳᠠᠯᠳᠤᠬᠤ ᠲᠤᠰᠬᠠᠶ ᠲᠣᠭᠤᠷᠢᠭ ᠢ ᠪᠠᠶᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ | ᠬᠡᠯᠬᠢᠶᠡᠵᠢᠭᠰᠡᠨ ᠲᠥᠬᠦᠮ ᠦᠵᠡᠭᠦᠯᠬᠦ ᠳᠡᠯᠭᠡᠭᠦᠷ ᠢ 24 ᠴᠠᠭ ᠡᠵᠡᠩᠨᠡᠬᠦ ᠶᠢ ᠳᠡᠮᠵᠢᠨ᠎ᠡ᠃ | ︵ᠲᠦᠷᠪᠡ︶ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠷᠢᠯᠴᠠᠨ ᠣᠶᠢᠯᠠᠭᠠᠯᠴᠠᠬᠤ ᠶᠢ | ᠠᠬᠢᠭᠤᠯᠤᠨ᠎ᠠ᠃ ᠮᠠᠨ ᠤ ᠲᠤᠭᠤᠷᠢᠭ ᠤᠨ ᠡᠯᠧᠺᠲᠷᠤᠨ ᠬᠤᠳᠠᠯᠳᠤᠭᠠᠨ ᠤ ᠲᠡᠷᠢᠭᠦᠨ ᠠᠵᠤ ᠠᠬᠤᠶᠢᠯᠠᠯ ᠵᠡᠷᠭᠡ ᠡᠬᠢ | ᠪᠠᠶᠠᠯᠢᠭ ᠲᠤ ᠲᠦᠰᠢᠭᠯᠡᠨ᠂ ᠤᠨᠴᠠᠯᠢᠬᠳᠤ ᠰᠥᠨᠢ ᠶᠢᠨ ᠠᠵᠤ ᠠᠬᠤᠶ ᠶᠢᠨ ᠲᠠᠸᠠᠷ ᠤᠨ ᠰᠢᠭᠤᠳ ᠨᠡᠪᠲᠡᠷᠡᠭᠦᠯᠭᠡ ᠶᠢᠨ | ᠠᠵᠢᠯᠯᠠᠭ᠎ᠠ ᠶᠢ ᠥᠷᠨᠢᠭᠦᠯᠵᠦ᠂ ᠮᠠᠨ ᠤ ᠲᠤᠭᠤᠷᠢᠭ ᠤᠨ ᠣᠨᠴᠠᠯᠢᠭᠲᠤ ᠲᠠᠸᠠᠷ ᠪᠠ ᠨᠠᠷᠠᠲᠤ ᠲᠡᠮᠳᠡᠭᠲᠦ ᠶᠢ | ᠳᠡᠯᠭᠡᠷᠡᠭᠦᠯᠦᠨ᠎ᠡ᠃ | ︵ᠲᠠᠪᠤ︶ ᠭᠡᠷ ᠤᠨ ᠭᠠᠳᠠᠨᠠᠬᠢ ᠣᠢᠯᠠᠭᠠᠯᠲᠠ ᠶᠢᠨ ᠦᠵᠡᠭᠳᠡᠯ ᠢ ᠪᠠᠶᠠᠯᠢᠭᠵᠢᠭᠤᠯᠤᠨ᠎ᠠ᠃ ᠬᠤᠲᠠ ᠶᠢᠨ | ᠵᠡᠭᠡᠯᠢ ᠶᠢᠨ ᠦᠵᠡᠮᠵᠢ ᠶᠢᠨ ᠴᠢᠮᠡᠭᠯᠡᠯ᠂ ᠰᠥᠨᠢ ᠶᠢᠨ ᠲᠡᠮᠳᠡᠭ᠂ ᠦᠵᠡᠮᠵᠢ ᠶᠢᠨ ᠵᠢᠵᠢᠭ ᠪᠦᠲᠦᠭᠡᠭᠳᠡᠬᠦᠨ᠂ ᠳ᠋ᠧᠩ ᠤᠨ | ᠬᠡᠷᠡᠯ ᠤᠨ ᠪᠡᠯᠡᠳᠬᠡᠮᠵᠢ᠂ ᠰᠡᠯᠡᠭᠦᠴᠡᠯ ᠤᠨ ᠪᠡᠯᠡᠳᠬᠡᠮᠵᠢ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠰᠥᠨᠢ ᠶᠢᠨ ᠠᠵᠤ ᠠᠬᠤᠶ ᠶᠢᠨ ᠵᠡᠭᠡᠯᠢ ᠲᠣᠭᠤᠷᠢᠭ ᠤᠨ ᠢᠯᠡ ᠭᠠᠵᠠᠷ ᠲᠤ ︽ | ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠤᠨ ᠬᠤᠲᠠ · ᠵᠢᠷᠭᠠᠯᠠᠩᠲᠤ ᠤᠯᠠᠭᠠᠨᠬᠠᠳᠠ︾ ᠶᠢᠨ ᠭᠤᠤᠯ ᠰᠡᠳᠦᠪ ᠢ | ᠨᠢᠭᠡᠳᠦᠯᠲᠡᠶ ᠳᠡᠯᠭᠡᠨ ᠦᠵᠡᠭᠦᠯᠵᠦ᠂ ᠳᠠᠪᠠᠭᠤᠯᠢᠭ ᠣᠨᠴᠠᠯᠢᠭ ᠲᠠᠢ ᠪᠠᠨ ᠤᠶᠠᠯᠳᠤᠭᠤᠯᠤᠨ ᠥᠷᠭᠡᠨ ᠢᠶᠠᠷ ᠰᠦᠯᠵᠢᠶᠡᠨ | ᠬᠠᠯᠠᠭᠤᠷᠠᠯ ᠤᠨ ᠭᠠᠵᠠᠷ ᠢ ᠭᠠᠷᠭᠠᠬᠤ ᠬᠡᠷᠡᠭᠲᠡᠶ᠃ ᠭᠤᠤᠯᠯᠠᠨ ᠡᠷᠬᠢᠯᠡᠭᠰᠡᠨ ᠲᠠᠯ᠎ᠠ ᠶᠢᠨ ᠬᠢᠨ ᠢ ᠵᠣᠷᠢᠭᠵᠢᠭᠤᠯᠵᠤ | ᠪᠠᠶᠢᠭᠠᠳ ᠳ᠋ᠧᠩ ᠤᠨ ᠬᠡᠷᠡᠯ ᠤᠨ ᠦᠵᠡᠭᠦᠯᠦᠯᠭᠡ᠂ ᠬᠤᠸᠠᠷ ᠫᠤᠤᠵᠢᠩ ᠤᠨ ᠬᠠᠮᠲᠤᠷᠠᠭᠰᠠᠨ ᠲᠣᠭᠯᠠᠯᠲᠠ ᠵᠡᠷᠭᠡ | ᠰᠥᠨᠢ ᠪᠠᠷ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠵᠣᠬᠢᠰᠲᠠᠶ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠠᠵᠢᠯᠯᠠᠭ᠎ᠠ ᠶᠢᠨ ᠱᠠᠭᠠᠷᠳᠠᠯᠭ᠎ᠠ᠃ ᠭᠤᠣᠯᠴᠢᠯᠠᠨ ᠭᠦᠢᠴᠡᠳᠬᠡᠬᠦ ᠲᠠᠯ᠎ᠠ ᠨᠢ ᠡᠵᠡᠩᠨᠡᠯᠲᠡ ᠶᠢᠨ | ᠭᠠᠷᠳᠠᠮ ᠢᠶᠠᠨ ᠪᠦᠷᠢᠨ ᠭᠦᠢᠴᠡᠳ ᠭᠦᠢᠴᠡᠳᠬᠡᠵᠦ᠂ ᠠᠵᠢᠯᠯᠠᠭ᠎ᠠ ᠡᠬᠢᠯᠡᠬᠦ ᠠᠴᠠ ᠡᠮᠦᠨ᠎ᠡ ᠪᠦᠷᠢᠨ ᠲᠡᠭᠦᠯᠳᠡᠷ ᠰᠠᠭᠤᠷᠢ | ᠪᠡᠯᠡᠳᠬᠡᠮᠵᠢ ᠶᠢ ᠪᠦᠷᠢᠯᠳᠦᠭᠦᠯᠬᠦ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠬᠤ ᠪᠦᠷᠢᠨ ᠲᠡᠭᠦᠯᠳᠡᠷ ᠪᠡᠯᠡᠳᠬᠡᠯ | ᠲᠥᠰᠦᠯ ᠪᠠ ᠪᠦᠷᠢᠨ ᠲᠡᠭᠦᠯᠳᠡᠷ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠠᠶᠢᠭᠤᠯᠵᠤ᠂ ᠠᠮᠤᠷ ᠲᠦᠪᠰᠢᠨ ᠤ | ᠬᠠᠷᠢᠭᠤᠴᠠᠯᠭᠠᠲᠠᠨ ᠢ ᠲᠣᠳᠣᠷᠬᠠᠶᠢᠯᠠᠨ᠂ ᠠᠮᠤᠷ ᠲᠦᠪᠰᠢᠨ ᠤ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ︔ ᠭᠤᠤᠯᠯᠠᠨ ᠡᠷᠭᠢᠯᠡᠭᠰᠡᠨ ᠲᠠᠯ᠎ᠠ ᠶᠢᠨ ᠢᠳᠡᠭᠡᠨ ᠤᠮᠳᠠᠭᠠᠨ ᠤ ᠲᠠᠯᠠᠪᠤᠷ ᠨᠢ ᠢᠳᠡᠭᠡᠨ ᠤ ᠠᠮᠤᠷ | ᠲᠦᠪᠰᠢᠨ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠵᠦ᠂ ᠢᠳᠡᠭᠡᠨ ᠤ ᠠᠮᠤᠷ ᠲᠦᠪᠰᠢᠨ ᠤ ᠲᠠᠯ᠎ᠠ ᠪᠠᠷ | ᠡᠬᠢ ᠡᠭᠦᠰᠦᠯ ᠢ ᠨᠢ ᠡᠷᠢᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠥᠬᠡᠶ ᠪᠠᠶᠢᠬᠤ ᠶᠢ ᠪᠡᠶᠡᠯᠡᠭᠦᠯᠵᠦ᠂ | ᠣᠷᠴᠢᠨ ᠲᠣᠭᠤᠷᠢᠨ ᠤ ᠠᠷᠢᠭᠤᠨ ᠴᠡᠪᠡᠷ᠂ ᠤᠷᠠᠨ ᠰᠠᠶᠢᠬᠠᠨ ᠤ ᠪᠡᠯᠡᠳᠬᠡᠮᠵᠢ ᠶᠢᠨ ᠠᠮᠤᠷ ᠲᠦᠪᠰᠢᠨ ᠢ ᠪᠠᠲᠤᠯᠠᠨ᠎ᠠ︔ | ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠲᠡᠷᠭᠡ ᠬᠥᠰᠬᠡ ᠶᠢᠨ ᠢᠯᠭᠤᠮ ᠰᠢᠯᠤᠭᠤᠨ᠂ ᠣᠷᠣᠨ ᠪᠦᠰᠡ ᠶᠢᠨ | ᠲᠥᠯᠥᠪᠵᠢᠭᠦᠯᠭᠡ ᠶᠢᠨ ᠵᠦᠶ ᠵᠣᠬᠢᠰᠲᠠᠶ ᠪᠠᠶᠢᠬᠤ ᠶᠢ ᠪᠠᠲᠤᠯᠠᠬᠤ ᠶᠢᠨ ᠬᠠᠮᠲᠤ ᠦᠨᠡᠨᠴᠢ ᠢᠲᠡᠭᠡᠮᠵᠢ ᠶᠢᠨ | ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠬᠠᠤᠯᠢ ᠶᠣᠰᠣᠨ ᠤ ᠦᠨᠡᠨᠴᠢ ᠢᠲᠡᠭᠡᠮᠵᠢᠲᠡᠶ | ᠡᠵᠡᠩᠨᠡᠯᠲᠡ ᠶᠢ ᠪᠠᠲᠤᠯᠠᠬᠤ ᠶᠢᠨ ᠬᠠᠮᠲᠤ ᠭᠤᠤᠯ ᠰᠡᠳᠦᠪᠲᠦ ᠣᠨᠴᠠᠯᠢᠭ ᠢ ᠳᠣᠪᠤᠶᠢᠯᠭᠠᠨ᠂ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠵᠢᠯᠴᠠᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ | ︵ᠳᠤᠯᠤᠭ᠎ᠠ︶ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽2024 | ᠣᠨ ᠤ ᠰᠦᠩᠱᠠᠨ ᠲᠣᠭᠤᠷᠢᠭ ᠤᠨ ᠰᠥᠨᠢ ᠶᠢᠨ ᠠᠵᠤ ᠠᠬᠤᠢ ᠶᠢᠨ ᠭᠤᠣᠯ ᠰᠡᠳᠦᠪᠲᠦ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ︾ ᠳᠤ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ | ᠬᠠᠮᠲᠤ ᠡᠯ᠎ᠡ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠠᠵᠢᠯ ᠢ ᠰᠠᠶᠢᠲᠤᠷ ᠬᠢᠵᠦ᠂ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ ᠬᠢᠨᠠᠨ | ᠬᠠᠮᠢᠶᠠᠷᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ | ᠣᠷᠣᠨ ᠪᠦᠰᠡ ᠶᠢ ᠵᠣᠬᠢᠰᠲᠠᠢ ᠲᠥᠯᠥᠪᠵᠢᠭᠦᠯᠵᠦ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠬᠤ | ᠬᠡᠷᠡᠭᠲᠡᠢ ᠭᠡᠵᠦ ᠱᠠᠭᠠᠷᠳᠠᠪᠠ᠃ |