ᠰᠦᠩᠱᠠᠨ ᠲᠣᠭᠤᠷᠢᠭ ᠤᠨ 2024 ᠣᠨ ᠤ ᠡᠮᠦᠨ᠎ᠡ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ  ᠪᠠᠶᠢᠳᠠᠯ
ᠨᠡᠶᠢᠲᠡᠯᠡᠭᠰᠡᠨ ᠴᠠᠭ᠄
2024/11/7
    ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠣᠯᠠᠨ ᠤᠳᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠥᠬᠦ ᠲᠤᠭᠤᠷᠢᠭ ᠤᠨ ᠠᠵᠤ ᠠᠬᠤᠶ ᠲᠣᠭᠲᠠᠭᠤᠨ ᠢᠶᠠᠷ ᠬᠥᠭᠵᠢᠪᠡ᠃    ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶    ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 211 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ᠃    ᠠᠵᠤ ᠦᠢᠯᠡᠰ ᠢᠶᠠᠷ ᠬᠤᠪᠢᠶᠠᠪᠠᠯ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 23.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ GDP ᠶᠢᠨ ᠨᠡᠮᠡᠭᠳᠡᠯ ᠢ 0.6 ᠵᠠᠭᠤᠨ ᠤ ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 45.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠨ᠂ GDP ᠶᠢᠨ ᠨᠡᠮᠡᠭᠳᠡᠯ ᠢ 0.6 ᠵᠠᠭᠤᠨ ᠤ ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 142.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠵᠦ᠂ GDP ᠶᠢᠨ ᠨᠡᠮᠡᠭᠳᠡᠯ ᠢ 1.6 ᠵᠠᠭᠤᠨ ᠤ ᠨᠢᠭᠡᠴᠢ ᠳᠠᠶᠢᠴᠢᠯᠠᠪᠠ᠃    ᠬᠤᠶᠠᠷ᠂ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ ᠵᠢᠭᠠᠰᠤᠨ ᠠᠵᠤ ᠠᠬᠤᠢ    2024 ᠣᠨ ᠤ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠶᠡᠷᠦᠩᠬᠡᠶ ᠦᠢᠯᠡᠳᠬᠦᠨ ᠤ ᠥᠷᠲᠡᠭ ᠢ 43.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.95 % ᠪᠠᠷ ᠨᠡᠮᠡᠭᠳᠡᠪᠡ᠃    ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    2024 ᠣᠨ ᠤ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.9% ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 37.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21.5% ᠪᠠᠷ ᠪᠠᠭᠤᠷᠠᠪᠠ᠃    ᠠᠵᠤ ᠦᠢᠯᠡᠳᠪᠦᠷᠢ ᠶᠢᠨ ᠲᠥᠷᠥᠯ ᠠᠴᠠ ᠦᠵᠡᠪᠡᠯ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 135.4% ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 16.9% ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ 16.4% ᠪᠠᠭᠤᠷᠠᠪᠠ᠃    ᠦᠢᠯᠡᠳᠬᠦᠨ ᠤ ᠭᠠᠷᠤᠯᠲᠠ ᠠᠴᠠ ᠦᠵᠡᠪᠡᠯ᠃ 7 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠪᠦᠲᠦᠭᠡᠭᠳᠡᠬᠦᠨ ᠳᠤ ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠭᠰᠡᠨ ᠪᠠᠶᠢᠨ᠎ᠠ ᠂16.2% ᠨᠡᠮᠡᠭᠳᠡᠪᠡ᠃    ᠳᠥᠷᠪᠡ᠂ ᠦᠢᠯᠡᠴᠢᠯᠡᠭᠡᠨ ᠤ ᠦᠢᠯᠡᠰ    2024 ᠣᠨ ᠤ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠭᠤᠷᠪᠠᠳᠤᠭᠠᠷ ᠠᠵᠤ  ᠦᠢᠯᠡᠰ ᠤᠨ ᠨᠡᠮᠡᠭᠳᠡᠯ ᠥᠷᠲᠡᠭ 142.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2 % ᠢᠶᠠᠷ ᠨᠡᠮᠡᠭᠳᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ 67.4 % ᠳᠤ ᠬᠦᠷᠴᠡᠶ᠃    1 — 8 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 10 ᠠᠵᠢᠯ ᠲᠥᠷᠥᠯ ᠤᠨ ᠳᠤᠮᠳᠠ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠦᠢᠯᠡᠰ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠲᠣᠰ ᠲᠣᠰ ᠠᠳᠠᠯᠢ ᠬᠤᠭᠤᠴᠠᠭᠠᠨ ᠤ ᠬᠢ ᠠᠴᠠ 9.8% ᠪᠠ 11.3% ᠨᠡᠮᠡᠭᠳᠡᠪᠡ᠂ ᠭᠡᠪᠡᠴᠦ ᠡᠵᠡᠩᠨᠡᠯᠲᠡ ᠶᠢᠨ ᠣᠷᠣᠯᠭ᠎ᠠ ᠵᠥᠪᠬᠡᠨ ᠪᠥᠬᠦ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 22.2% ᠢ ᠡᠵᠡᠯᠡᠪᠡ᠃     ᠲᠤᠯᠭᠠᠭᠤᠷᠢ ᠠᠵᠢᠯ ᠲᠥᠷᠥᠯ ᠠᠴᠠ ᠦᠵᠡᠪᠡᠯ᠃ ᠴᠠᠬᠢᠯᠭᠠᠨ ᠬᠤᠯᠪᠣᠭ᠎ᠠ᠂ ᠷᠠᠳᠢᠣ᠋ ᠲᠧᠯᠸᠢᠰ᠂ ᠳᠠᠭᠠᠭᠤᠯᠢ ᠣᠳᠣᠨ ᠤ ᠳᠠᠮᠵᠢᠭᠤᠯᠭ᠎ᠠ ᠶᠢᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 1.49% ᠨᠡᠮᠡᠭᠳᠡᠪᠡ᠃ ᠡᠵᠡᠩᠨᠡᠯᠲᠡ ᠶᠢᠨ ᠣᠷᠣᠯᠭ᠎ᠠ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 66.4% ᠢ ᠡᠵᠡᠯᠡᠵᠦ ᠪᠠᠶᠢᠨ᠎ᠠ᠃    ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.3% ᠪᠠᠭᠤᠷᠠᠪᠠ᠃    ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    2024 ᠣᠨ ᠤ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.7% ᠪᠠᠷ ᠪᠠᠭᠤᠷᠠᠪᠠ᠃ ᠡᠭᠦᠨ ᠳᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.6% ᠪᠠᠷ ᠪᠠᠭᠤᠷᠠᠪᠠ᠃    ᠭᠤᠤᠯᠳᠠᠯᠭ᠎ᠠ ᠲᠠᠢ ᠬᠦᠷᠢᠶᠡᠨ ᠤ ᠪᠡᠯᠡ ᠣᠷᠤᠬᠤᠯᠤᠯᠲᠠ ᠠᠴᠠ ᠦᠵᠡᠪᠡᠯ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠳᠣᠣᠷ᠎ᠠ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 25.9 ᠵᠠᠭᠤᠨ ᠤ ᠨᠢᠭᠡᠴᠢ ᠪᠣᠯᠪᠠ᠃    ᠵᠢᠷᠭᠤᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ    2024 ᠣᠨ ᠤ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 5.5% ᠪᠠᠷ ᠪᠠᠭᠤᠷᠠᠪᠠ᠃    ᠳᠣᠯᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ    2024 ᠣᠨ ᠤ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27518 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃    ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠬᠤ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38015 ᠲᠥᠭᠦᠷᠢᠭ ᠲᠤ ᠬᠦᠷᠴᠦ᠂ 3.9% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14804 ᠲᠥᠭᠦᠷᠢᠭ ᠲᠤ ᠬᠦᠷᠴᠦ᠂ 7.4% ᠪᠠᠷ ᠨᠡᠮᠡᠭᠳᠡᠪᠡ᠃    ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 18814 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 % ᠪᠠᠷ ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号