ᠰᠦᠩᠱᠠᠨ ᠲᠣᠭᠤᠷᠢᠭ ᠤᠨ ᠬᠤᠶᠠᠷ ᠨᠠᠮ ᠤᠨ ᠠᠵᠢᠯᠯᠠᠬᠤ ᠬᠤᠷᠢᠶᠠᠨ ᠤ ᠱᠦᠵᠢ ᠪᠦᠬᠦ ᠬᠤᠲᠠ ᠶᠢᠨ ︽ᠡᠷᠳᠡᠮ ᠮᠦᠷᠦ᠋ᠢᠴᠡᠵᠤ ᠲᠡᠷᠢᠭᠦᠨ ᠢ ᠲᠡᠮᠡᠴᠡᠬᠦ︾ ᠳᠤᠮᠳᠠ ᠰᠢᠯᠢᠳᠡᠭ ᠠᠮᠵᠢᠯᠲᠠ ᠤᠯᠪᠠ
ᠨᠡᠶᠢᠲᠡᠯᠡᠭᠰᠡᠨ ᠴᠠᠭ᠄
2024/12/13
    12 ᠰᠠᠷ᠎ᠠ ᠶᠢᠨ 11 ᠤ ᠡᠳᠦᠷ᠂ 2024 ᠣᠨ ᠤ ᠪᠦᠬᠦ ᠬᠤᠳᠠ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠢᠨ ︽ᠡᠷᠳᠡᠮ ᠮᠦᠷᠦ᠋ᠢᠴᠡᠵᠤ ᠲᠡᠷᠢᠭᠦᠨ ᠢ ᠲᠡᠮᠡᠴᠡᠬᠦ︾ ᠲᠥᠪᠯᠡᠷᠡᠩᠭᠦᠢ ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ ᠨᠢ ᠬᠤᠳᠠ ᠶᠢᠨ ᠵᠠᠯᠠᠭᠤᠴᠤᠳ ᠪᠠᠭᠠᠴᠤᠳ ᠤᠨ ᠣᠷᠳᠣᠨ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠰᠦᠩᠱᠠᠨ ᠲᠣᠭᠤᠷᠢᠭ ᠤᠨ ᠬᠢᠩᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠮᠧᠩ ᠰᠢᠩ᠂ ᠰᠦᠩ ᠵᠧᠦ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠹᠸᠢ ᠲᠤᠰ ᠤᠳᠠᠭᠠᠨ ᠤ ᠤᠷᠤᠯᠳᠤᠭᠠᠨ ᠳᠤ ᠲᠤᠰ ᠲᠤᠰ ᠨᠢᠭᠡᠳᠦᠭᠡᠷ ᠳᠡᠰ ᠤᠨ ᠱᠠᠩᠨᠠᠯ ᠪᠠ ᠭᠤᠷᠪᠠᠳᠤᠭᠠᠷ ᠳᠡᠰ ᠤᠨ ᠱᠠᠩᠨᠠᠯ ᠬᠦᠷᠲᠡᠪᠡ᠃    ᠠᠵᠢᠯᠯᠠᠭ᠎ᠠ ᠶᠢᠨ ᠳᠤᠮᠳᠠ᠂ ᠡᠯ᠎ᠡ ᠬᠤᠰᠢᠭᠤ ᠰᠢᠶᠠᠨ ᠲᠣᠭᠤᠷᠢᠭ ᠠᠴᠠ ᠢᠷᠡᠭᠰᠡᠨ 12 ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠬᠤᠲᠠ ᠶᠢᠨ ᠬᠠᠮᠢᠶᠠᠷᠤᠯᠲᠠ᠂ ᠵᠥᠷᠢᠴᠡᠯ ᠢ ᠠᠷᠢᠯᠭᠠᠬᠤ ᠵᠡᠷᠭᠡ ᠣᠯᠠᠨ ᠲᠠᠯ᠎ᠠ ᠶᠢᠨ ᠲᠣᠭᠤᠷᠢᠨ ᠳᠤ ᠶᠠᠷᠢᠶ᠎ᠠ ᠢᠯᠡᠳᠬᠡᠯ ᠬᠢᠬᠦ᠂ ᠬᠡᠷᠡᠭ ᠤᠨ ᠵᠢᠱᠢᠶ᠎ᠡ ᠶᠢ ᠵᠠᠳᠠᠯᠬᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠢ ᠬᠠᠷᠢᠭᠤ ᠮᠡᠳᠡᠭᠦᠯᠬᠦ ᠵᠡᠷᠭᠡ ᠬᠡᠯᠪᠡᠷᠢ ᠪᠠᠷ ᠲᠣᠰ ᠲᠣᠰ ᠤᠨ ᠵᠡᠭᠡᠯᠢ ᠭᠤᠳᠤᠮᠵᠢ ᠶᠢᠨ ᠵᠠᠰᠠᠯᠲᠠ ᠶᠢᠨ ᠠᠵᠢᠯ ᠤᠨ ᠳᠤᠮᠳᠠᠬᠢ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠪᠠ ᠢᠯᠡᠳᠲᠡ ᠦᠷ᠎ᠡ ᠪᠦᠲᠦᠮᠵᠢ ᠪᠠᠨ ᠳᠡᠯᠭᠡᠨ ᠦᠵᠡᠭᠦᠯᠪᠡ᠃ ᠲᠣᠰ ᠤᠳᠠᠭᠠᠨ ᠤ ᠤᠷᠤᠯᠳᠤᠭᠠᠨ ᠳᠤ ᠯᠢ ᠮᠧᠩ ᠰᠢᠩ ᠬᠠᠷᠢᠶᠠᠲᠤ ᠣᠷᠣᠨ ᠤ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠦᠭᠰᠡᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠷᠥᠯ ᠵᠦᠢᠯ ᠢ ᠬᠠᠮᠲᠤ ᠪᠠᠷ ᠥᠷᠨᠢᠭᠦᠯᠦᠭᠰᠡᠨ ᠠᠮᠵᠢᠯᠲᠠ ᠲᠠᠢ ᠲᠤᠷᠰᠢᠯᠭ᠎ᠠ ᠪᠠᠨ ᠬᠤᠪᠢᠶᠠᠯᠴᠠᠵᠤ᠂ ᠲᠤᠬᠠᠶ ᠶᠢᠨ ᠲᠠᠯᠠᠪᠤᠷ ᠤᠨ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ ᠬᠠᠮᠲᠤ ᠠᠵᠢᠯᠯᠠᠭᠴᠢᠳ ᠤᠨ ᠢᠶᠠᠨ ᠬᠦᠷᠢᠶᠡᠯᠡᠯ ᠢ ᠣᠯᠵᠤ᠂ ᠲᠣᠰ ᠤᠳᠠᠭᠠᠨ ᠤ ᠤᠷᠤᠯᠳᠤᠭᠠᠨ ᠤ ᠨᠢᠭᠡᠳᠦᠭᠡᠷ ᠲᠤ ᠣᠷᠣᠪᠠ᠃    ᠡᠨᠡ ᠤᠳᠠᠭᠠᠨ ᠤ ︽ᠡᠷᠳᠡᠮ ᠮᠦᠷᠦ᠋ᠢᠴᠡᠵᠤ ᠲᠡᠷᠢᠭᠦᠨ ᠢ ᠲᠡᠮᠡᠴᠡᠬᠦ︾ ᠠᠵᠢᠯᠯᠠᠭ᠎ᠠ ᠨᠢ ᠨᠢᠭᠡ ᠤᠳᠠᠭᠠᠨ ᠤ ᠤᠷᠤᠯᠳᠤᠭᠠᠨ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠪᠣᠯᠤᠨ᠎ᠠ᠃ ᠨᠠᠮ ᠤᠨ ᠠᠵᠢᠯᠯᠠᠬᠤ ᠬᠤᠷᠢᠶᠠᠨ ᠤ ᠱᠦᠵᠢ ᠨᠠᠷ ᠠᠮᠵᠢᠯᠲᠠ ᠪᠠᠨ ᠢᠯᠡᠷᠡᠭᠦᠯᠬᠦ ᠶᠢᠨ ᠬᠠᠮᠲᠤ ᠪᠠᠰᠠ ᠣᠳᠣᠬᠠᠨ ᠤ ᠦᠨᠳᠦᠰᠦᠨ ᠱᠠᠲᠤᠨ ᠤ ᠵᠠᠰᠠᠯᠲᠠ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠣᠯᠤᠨ ᠠᠵᠠ ᠲᠣᠬᠢᠶᠠᠯ ᠢ ᠭᠦᠨᠵᠡᠭᠡᠶ ᠰᠤᠳᠤᠯᠤᠨ ᠶᠠᠷᠢᠯᠴᠠᠵᠤ᠂ ᠬᠠᠷᠢᠯᠴᠠᠨ ᠲᠡᠷᠢᠭᠦᠨ ᠤ ᠣᠶᠢᠯᠠᠭᠠᠭᠳᠠᠬᠤᠨ ᠪᠠ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠲᠣᠯᠢ ᠪᠣᠯᠭᠠᠵᠤ᠂ ᠨᠡᠶᠢᠲᠡᠯᠢᠭ ᠴᠢᠨᠠᠷᠲᠠᠶ ᠠᠰᠠᠭᠤᠳᠠᠯ ᠢ  ᠰᠢᠢᠳᠪᠦᠷᠢᠯᠡᠬᠦ ᠳᠤ ᠰᠢᠨ᠎ᠡ ᠰᠡᠳᠬᠢᠴᠡ ᠶᠢ ᠨᠡᠭᠡᠭᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号