12 ᠰᠠᠷ᠎ᠠ ᠶᠢᠨ 9 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ | ᠪᠥᠬᠦ ᠲᠤᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠲᠤᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠶᠡᠷᠦᠩᠬᠡᠶ | ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ | ᠮᠡᠳᠡᠭᠦᠯᠵᠦ᠂ ᠡᠯ᠎ᠡ ᠪᠦᠷᠢᠯᠳᠦᠬᠦᠨ ᠨᠢᠭᠡᠴᠡ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ᠂ | ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ᠂ ᠡᠮᠴᠢᠯᠡᠭᠡᠨ ᠤ ᠶᠠᠰᠤ ᠴᠢᠨᠠᠷ ᠮᠡᠷᠭᠡᠵᠢᠯ ᠢ ᠳᠡᠭᠡᠭᠰᠢᠯᠡᠭᠦᠯᠬᠦ᠂ ᠲᠤᠰᠬᠠᠶ | ᠮᠡᠷᠭᠡᠵᠢᠯ ᠤᠨ ᠰᠢᠨᠵᠢᠯᠡᠭᠡᠨ ᠤ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠢᠴᠢ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ | ᠶᠠᠷᠢᠶ᠎ᠠ ᠲᠠᠯᠪᠢᠪᠠ᠃ | ᠰᠢᠤᠢ ᠹᠸᠢ ᠶᠠᠨ ᠴᠢᠬᠤᠯᠠᠴᠢᠯᠠᠭᠰᠠᠨ ᠨᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠪᠣᠯ | ᠶᠡᠭᠡ ᠰᠡᠳᠦᠪ ᠮᠥᠨ᠂ ᠵᠢᠯ ᠳᠠᠷᠠᠭᠠᠯᠠᠨ ᠪᠠᠯᠠ ᠣᠷᠣᠭᠤᠯᠵᠤ᠂ ᠠᠯᠬᠤᠮ ᠬᠤᠪᠢᠶᠠᠨ ᠠᠬᠢᠭᠤᠯᠬᠤ ᠬᠡᠷᠡᠭᠲᠡᠶ︔ ᠬᠤᠤᠰ | ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠱᠠᠲᠤ ᠬᠤᠪᠢᠶᠠᠨ ᠣᠨᠣᠰᠢᠯᠠᠨ ᠡᠮᠨᠡᠬᠦ ᠠᠵᠢᠯᠯᠠᠭᠠᠨ ᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠬᠦ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ᠨᠠᠩ ᠣᠯᠠᠨ ᠣᠯᠠᠨ ᠲᠦᠮᠡᠨ ᠳᠤ ᠨᠠᠩ | ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ︔ ᠲᠤᠭᠤᠷᠢᠭ ᠤᠨ ᠭᠤᠤᠯᠳᠠᠯᠭ᠎ᠠ ᠲᠠᠢ | ᠲᠤᠰᠬᠠᠶ ᠰᠠᠯᠠᠭᠠᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠦᠷᠭᠡᠨ ᠡᠮᠨᠡᠬᠦ ᠲᠦᠷᠭᠡᠨ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠤᠯᠠᠮ | ᠨᠢᠭᠡ ᠠᠯᠬᠤᠮ ᠬᠠᠩᠭᠠᠬᠤ ᠬᠡᠷᠡᠭᠲᠡᠶ︔ ᠪᠣᠳᠠᠲᠠᠶ ᠲᠠᠢ ᠪᠠᠨ ᠤᠶᠠᠯᠳᠤᠭᠤᠯᠤᠨ ᠡᠷᠲᠡᠬᠡᠨ ᠲᠥᠯᠥᠪᠵᠢᠭᠦᠯᠵᠦ᠂ ᠡᠯ᠎ᠡ | ᠲᠥᠷᠥᠯ ᠤᠨ ᠡᠬᠢ ᠪᠠᠶᠠᠯᠢᠭ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠵᠤ᠂ ᠨᠢᠭᠲᠠ | ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠨᠠᠩ ᠰᠠᠶᠢᠨ | ᠨᠠᠩ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠶ᠃ |